ᠨᠢᠳᠤᠨᠤᠨ ᠠᠴᠠ ᠡᠬᠢᠯᠡᠭᠡᠳ ᠮᠠᠨ ᠤ ᠬᠤᠰᠢᠭᠤ ︽ᠢᠨᠲ᠋ᠧᠷ ᠰᠦᠯᠵᠢᠶ᠎ᠡ + ᠤᠶᠤᠨᠯᠢᠭ ᠠᠷᠠᠳ ᠤᠨ | ᠶᠠᠪᠤᠳᠠᠯ︾ ᠢ ᠬᠦᠭᠵᠢᠬᠦᠯᠬᠦ ᠶᠢ ᠬᠠᠶᠢᠨ ᠰᠦᠪᠡᠭᠴᠢᠯᠡᠵᠦ᠂ ᠠᠷᠠᠳ ᠤᠨ ᠶᠠᠪᠤᠳᠠᠯ ᠤᠨ ᠠᠵᠢᠯ ᠤᠨ ᠰᠢᠨ᠎ᠡ | ᠬᠤᠪᠢᠰᠤᠯᠲᠠ ᠶᠢ ᠳᠠᠭᠠᠭᠤᠯᠵᠤ᠂ ᠠᠷᠠᠳ ᠲᠤ ᠳᠦᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠪᠠᠶᠢᠳᠠᠯ ᠢ | ᠬᠦᠭᠵᠢᠬᠦᠯᠦᠨ ᠠᠷᠠᠳ ᠤᠨ ᠶᠠᠪᠤᠳᠠᠯ ᠤᠨ ᠦᠢᠯᠡᠴᠢᠯᠡᠭᠡ ᠶᠢ ᠰᠢᠨ᠎ᠡ ᠬᠦᠷᠢᠶ᠎ᠡ ᠴᠠᠷᠠᠭᠠᠨ ᠳᠤ ᠤᠷᠤᠭᠤᠯᠵᠤ ᠵᠠᠰᠠᠭ | ᠤᠨ ᠦᠢᠯᠡᠴᠢᠯᠡᠭᠡ ᠦᠨᠳᠦᠰᠦᠨ ᠱᠠᠲᠤ ᠤᠷᠤᠭᠤ ᠰᠢᠯᠵᠢᠬᠦ ᠶᠢ ᠢᠳᠡᠪᠬᠢᠲᠡᠢ ᠠᠬᠢᠭᠤᠯᠵᠤ ᠠᠷᠠᠳ ᠤᠨ ᠶᠠᠪᠤᠳᠠᠯ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠬᠡᠪ ᠵᠠᠭᠪᠤᠷ ᠤᠨ ᠰᠢᠨ᠎ᠡ ᠶᠢ ᠡᠬᠦᠳᠬᠦ ᠶᠢ ᠪᠦᠬᠦ | ᠲᠠᠯ᠎ᠠ ᠪᠠᠷ ᠠᠬᠢᠭᠤᠯᠬᠤ ᠪᠠᠷ ᠴᠢᠷᠮᠠᠶᠢᠭᠰᠠᠭᠠᠷ ᠢᠷᠡᠪᠡ᠃ | ᠲᠤᠭᠲᠠᠯᠴᠠᠭ᠎ᠠ ᠪᠠᠷ ᠦᠭᠡᠷᠡᠴᠢᠯᠡᠯᠲᠡ ᠶᠢ ᠠᠬᠢᠭᠤᠯᠵᠤ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠬᠦᠯᠪᠡ᠃ | ︽ᠢᠨᠲ᠋ᠧᠷ ᠰᠦᠯᠵᠢᠶ᠎ᠡ + ᠤᠶᠤᠨᠯᠢᠭ ᠠᠷᠠᠳ ᠤᠨ ᠶᠠᠪᠤᠳᠠᠯ︾ ᠤᠨ ᠲᠦᠰᠦᠪ ᠢ ᠭᠡᠷᠡᠭᠵᠢᠬᠦᠯᠵᠦ᠂ ᠠᠷᠠᠳ ᠤᠨ | ᠶᠠᠪᠤᠳᠠᠯ ᠤᠨ ᠦᠢᠯᠡᠴᠢᠯᠡᠭᠡᠨ ᠤ ᠦᠭᠡᠷᠡᠴᠢᠯᠡᠯᠲᠡ ᠶᠢᠨ ᠠᠵᠢᠯ ᠢ ᠬᠦᠨᠵᠡᠭᠡᠶᠢᠷᠡᠬᠦᠯᠪᠡ᠃ ︽ᠢᠨᠲ᠋ᠧᠷ ᠰᠦᠯᠵᠢᠶ᠎ᠡ + | ᠤᠶᠤᠨᠯᠢᠭ ᠠᠷᠠᠳ ᠤᠨ ᠶᠠᠪᠤᠳᠠᠯ︾ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠳᠠᠪᠴᠠᠩ ᠢ ᠪᠠᠶᠢᠭᠤᠯᠵᠤ᠂ | ᠠᠷᠠᠳ ᠤᠨ ᠶᠠᠪᠤᠳᠠᠯ ᠤᠨ ᠲᠤᠭ᠎ᠠ ᠪᠠᠷᠢᠮᠳᠠ ᠶᠢᠨ ᠡᠬᠢ ᠰᠤᠷᠪᠤᠯᠵᠢ ᠶᠢ ᠲᠦᠪᠯᠡᠷᠡᠬᠦᠯᠦᠨ ᠠᠷᠠᠳ ᠤᠨ ᠶᠠᠪᠤᠳᠠᠯ ᠤᠨ | ᠨᠢᠭᠡᠳᠤᠯᠲᠠᠢ ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢ ᠪᠦᠷᠢᠯᠳᠦᠬᠦᠯᠵᠦ᠂ ᠵᠠᠰᠠᠭ ᠤᠨ ᠶᠠᠪᠤᠳᠠᠯ ᠤᠨ ᠮᠡᠳᠡᠭᠡ | ᠵᠠᠩᠬᠢ ᠶᠢᠨ ᠰᠢᠰᠲ᠋ᠧᠮ ᠢ ᠨᠢᠭᠡᠳᠭᠡᠨ ᠬᠠᠮᠳᠤ ᠪᠠᠷ ᠬᠤᠪᠢᠶᠠᠯᠴᠠᠬᠤ ᠴᠢᠳᠠᠪᠦᠷᠢ ᠶᠢ ᠳᠡᠭᠡᠭᠰᠢᠯᠡᠬᠦᠯᠦᠨ᠂ ᠰᠠᠭᠤᠷᠢ | ᠲᠤᠭ᠎ᠠ ᠲᠤᠳᠤᠷᠬᠠᠢ᠂ ᠲᠤᠭ᠎ᠠ ᠪᠠᠷᠢᠮᠳᠠ ᠤᠨᠤᠪᠴᠢᠲᠡᠢ᠂ ᠪᠠᠶᠢᠳᠠᠯ ᠢᠯᠠ ᠲᠤᠲᠤ ᠪᠠᠶᠢᠬᠤ ᠶᠢ ᠪᠠᠲᠤᠯᠠᠵᠤ᠂ ᠲᠤᠮᠤ | ᠳ᠋ᠠᠶᠢᠲ᠋ᠠ ᠶᠢᠨ ᠰᠢᠢᠳᠪᠦᠷᠢ ᠶᠢ ᠳᠡᠮᠵᠢᠬᠦ ᠴᠢᠳᠠᠪᠦᠷᠢ ᠶᠢᠨ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃ | ᠰᠢᠨ᠎ᠡ ᠶᠢ ᠡᠬᠦᠳᠬᠦ ᠶᠢ ᠠᠬᠢᠭᠤᠯᠵᠤ᠂ ᠬᠢᠨᠠᠨ ᠵᠦᠪᠰᠢᠶᠡᠷᠡᠬᠦ ᠮᠡᠲ᠋ᠧᠷᠢᠶᠠᠯ ᠢ ᠳᠦᠬᠦᠮᠴᠢᠯᠡᠪᠡ᠃ ᠠᠷᠠᠳ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠡᠮᠬᠢᠳᠭᠡᠵᠦ᠂ ︽ᠬᠠᠰᠤᠵᠤ ᠳᠡᠶᠢᠯᠬᠦ ᠶᠢ ᠨᠢ ᠬᠠᠰᠤᠬᠤ︾ | ᠵᠠᠷᠴᠢᠮ ᠢᠶᠠᠷ ᠴᠠᠭᠠᠰᠤ ᠬᠡᠷᠡᠭᠯᠡᠬᠦ ᠦᠭᠡᠢ ᠪᠠᠷ ᠠᠯᠪᠠᠯᠠᠬᠤ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠢᠨᠠᠨ | ᠵᠥᠪᠰᠢᠶᠡᠷᠡᠬᠦ ᠮᠠᠲ᠋ᠧᠷᠢᠶᠠᠯ ᠢ ᠳᠦᠬᠦᠮᠴᠢᠯᠡᠨ ᠶᠠᠪᠤᠴᠠ ᠶᠢ ᠲᠦᠷᠢᠮᠵᠢᠬᠦᠯᠵᠦ᠂ ᠬᠡᠷᠡᠭᠰᠡᠬᠦ ᠬᠤᠭᠤᠴᠠᠭ᠎ᠠ ᠶᠢ | ᠪᠠᠭᠠᠰᠬᠠᠵᠤ᠂ ᠬᠤᠲᠠ ᠬᠦᠳᠡᠭᠡ ᠶᠢᠨ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠰᠦᠯᠵᠢᠶᠠᠨ ᠳᠡᠭᠡᠷ᠎ᠡ | ᠬᠦᠯᠢᠶᠠᠨ ᠠᠪᠬᠤ᠂ ᠰᠦᠯᠵᠢᠶᠠᠨ ᠳᠡᠭᠡᠷ᠎ᠡ ᠬᠦᠢᠴᠡᠳᠭᠡᠬᠦ᠂ ᠰᠦᠯᠵᠢᠶᠠᠨ ᠳᠡᠭᠡᠷ᠎ᠡ ᠬᠠᠷᠢᠭᠤ ᠳᠤᠰᠬᠠᠬᠤ ᠶᠢ | ᠪᠡᠶᠡᠯᠡᠬᠦᠯᠦᠨ ᠬᠤᠳᠠ ᠬᠦᠳᠡᠭᠡ ᠶᠢᠨ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠬᠢᠨᠠᠨ ᠵᠦᠪᠰᠢᠶᠡᠷᠡᠬᠦ | ᠬᠤᠭᠤᠴᠠᠭ᠎ᠠ ᠶᠢ 60 ᠠᠵᠢᠯ ᠤᠨ ᠡᠳᠤᠷ ᠠᠴᠠ 37 ᠠᠵᠢᠯ ᠤᠨ ᠡᠳᠤᠷ ᠪᠤᠯᠭᠠᠨ ᠬᠠᠰᠤᠵᠤ᠂ ᠬᠦᠢᠴᠡᠳᠭᠡᠬᠦ | ᠬᠤᠭᠤᠴᠠᠭ᠎ᠠ ᠶᠢ ᠤᠬᠤᠷ ᠪᠤᠯᠭᠠᠨ 65% ᠠᠴᠠ ᠳᠡᠭᠡᠭᠰᠢ ᠪᠠᠭᠠᠰᠬᠠᠪᠠ᠃ | ᠳᠦᠬᠦᠮᠴᠢᠯᠡᠬᠦ ᠪᠠᠷ ᠬᠦᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ᠰᠢᠯᠢᠳᠡᠭᠵᠢᠬᠦᠯᠪᠡ᠃ ︽ᠤᠶᠤᠨᠯᠢᠭ ᠠᠷᠠᠳ ᠤᠨ ᠶᠠᠪᠤᠳᠠᠯ︾ ᠢ ᠬᠦᠴᠦᠯᠡᠨ ᠪᠠᠶᠢᠭᠤᠯᠵᠤ᠂ ᠤᠨᠤᠪᠴᠢᠲᠠᠢ ᠪᠠᠷ | ᠶᠠᠳᠠᠭᠤ ᠶᠢ ᠳᠡᠳᠭᠦᠭᠦ᠂ ᠨᠠᠰᠤᠲᠠᠳ ᠢ ᠠᠰᠠᠷᠠᠬᠤ᠂ ᠨᠡᠶᠢᠭᠡᠮ ᠲᠤᠭᠤᠷᠢᠭ ᠤᠨ ᠬᠦᠭᠵᠢᠯᠲᠡ᠂ ᠨᠡᠶᠢᠭᠡᠮᠯᠢᠭ ᠤᠨ | ᠪᠠᠶᠢᠭᠤᠯᠤᠯᠲᠠ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡ ᠳᠤᠮᠳᠠ ︽ | ᠲᠤᠮᠤ ᠳ᠋ᠠᠶᠢᠲ᠋ᠠ︾ ᠶᠢᠨ ᠵᠠᠭᠪᠤᠷ ᠢ ᠬᠦᠢᠴᠡᠳ ᠬᠡᠷᠡᠭᠯᠡᠵᠦ᠂ ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ ᠪᠠ ᠠᠵᠢᠯ | ᠮᠡᠷᠭᠡᠵᠢᠯ ᠢ ᠬᠠᠷᠢᠯᠴᠠᠨ ᠨᠢᠭᠡᠳᠤᠯᠲᠠᠢ ᠪᠠᠶᠢᠯᠭᠠᠵᠤ ᠨᠡᠶᠢᠭᠡᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠮᠡᠳᠡᠭᠡ | ᠵᠠᠩᠬᠢ ᠶᠢᠨ ᠬᠢᠷᠢ ᠲᠦᠪᠰᠢᠨ ᠢ ᠳᠡᠭᠡᠭᠰᠢᠯᠡᠬᠦᠯᠵᠦ᠂ ᠠᠷᠠᠳ ᠤᠨ ᠠᠮᠢᠳᠤᠷᠠᠯ ᠤᠨ ᠲᠤᠭᠲᠠᠯᠴᠠᠭ᠎ᠠ ᠶᠢ ᠪᠠᠲᠤᠯᠠᠬᠤ᠂ | ᠨᠡᠶᠢᠬᠡᠮ ᠤᠨ ᠵᠠᠰᠠᠯᠲᠠ ᠶᠢᠨ ᠰᠢᠨ᠎ᠡ ᠶᠢ ᠡᠬᠦᠳᠬᠦ ᠵᠡᠷᠭᠡ ᠲᠠᠯ᠎ᠠ ᠳᠠᠬᠢ ᠴᠢᠬᠤᠯᠠ ᠰᠠᠭᠤᠷᠢᠯᠠᠭᠴᠢ ᠦᠢᠯᠡᠳᠤᠯ ᠢ ᠨᠡᠩ | ᠰᠠᠶᠢᠨ ᠪᠠᠳᠠᠷᠠᠭᠤᠯᠪᠠ᠃ | ᠰᠢᠨᠵᠢᠯᠡᠭᠡ ᠮᠡᠷᠭᠡᠵᠢᠯ ᠢᠶᠠᠷ ᠦᠨᠳᠤᠷ ᠥᠷ᠎ᠡ ᠪᠦᠲᠦᠮᠵᠢ ᠶᠢ ᠠᠬᠢᠭᠤᠯᠵᠤ᠂ ᠲᠦᠷᠢᠮᠵᠢᠯ ᠤᠨ ᠬᠢᠷᠢ ᠲᠦᠪᠰᠢᠨ | ᠢ ᠳᠡᠭᠡᠭᠰᠢᠯᠡᠬᠦᠯᠪᠡ᠃ ᠦᠦᠰᠢᠨ ᠬᠤᠰᠢᠭᠤᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ ᠢ ᠬᠠᠷᠭᠤᠭᠤᠯᠤᠨ ᠦᠵᠡᠬᠦ ᠰᠢᠰᠲ᠋ᠧᠮ ᠢ ᠪᠠᠶᠢᠭᠤᠯᠵᠤ᠂ ᠡᠯᠧᠺᠲᠷᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠠᠴᠠ ᠭᠠᠳᠠᠨ᠎ᠠ ᠰᠦᠯᠵᠢᠶᠠᠨ ᠳᠡᠭᠡᠷ᠎ᠡ ᠦᠢᠯᠡᠳᠪᠦᠷᠢ ᠬᠤᠳᠠᠯᠳᠤᠭ᠎ᠠ᠂ ᠭᠠᠶᠢᠯᠢ ᠲᠠᠲᠠᠪᠦᠷᠢ᠂ ᠡᠷᠤᠬᠡ | ᠠᠮᠠ ᠶᠢᠨ ᠳᠠᠩᠰᠠ᠂ ᠨᠡᠶᠢᠬᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠬᠠᠩᠭᠠᠯᠲᠠ ᠵᠡᠷᠭᠡ ᠮᠡᠳᠡᠭᠡ ᠵᠠᠩᠬᠢ ᠶᠢ | ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠶᠢ ᠪᠡᠶᠡᠯᠡᠬᠦᠯᠦᠨ᠂ ᠨᠡᠶᠢᠭᠡᠮ ᠤᠨ ᠬᠠᠪᠰᠤᠷᠤᠨ ᠳᠡᠳᠬᠦᠬᠦ ᠠᠵᠢᠯ ᠤᠨ | ᠡᠷᠬᠡ ᠳᠡᠭᠰᠢ ᠪᠠᠶᠢᠬᠤ ᠶᠢ ᠪᠠᠲᠤᠯᠠᠪᠠ᠃ ᠨᠢᠳᠤᠨᠤᠨ ᠠᠴᠠ ᠡᠬᠢᠯᠡᠨ ᠳᠤᠰ ᠰᠢᠰᠲ᠋ᠧᠮ ᠢ ᠠᠰᠢᠭᠯᠠᠨ 17 ᠤᠳᠠᠭ᠎ᠠ | ᠬᠠᠷᠭᠤᠭᠤᠯᠤᠯᠲᠠ ᠬᠢᠵᠤ᠂ 197 ᠮᠠᠳᠠᠭ ᠲᠠᠢ ᠰᠤᠷᠠᠭ ᠵᠠᠩᠬᠢ ᠶᠢ ᠳᠤᠰᠬᠠᠨ᠂ ᠡᠷᠦᠭᠡ ᠳᠤ ᠤᠷᠤᠨ ᠬᠢᠨᠠᠨ | ᠬᠠᠷᠭᠤᠭᠤᠯᠬᠤ ᠪᠠ ᠳᠠᠬᠢᠨ ᠬᠢᠨᠠᠭᠰᠠᠨ ᠤ ᠳᠠᠷᠠᠭ᠎ᠠ 21 ᠡᠷᠦᠭᠡ 49 ᠬᠦᠮᠦᠨ ᠤ ᠬᠠᠮᠤᠭ ᠳᠤᠤᠷ᠎ᠠ ᠠᠮᠢᠳᠤᠷᠠᠯ ᠤᠨ | ᠪᠠᠲᠤᠯᠠᠭ᠎ᠠ ᠶᠢ ᠵᠤᠭᠰᠤᠭᠠᠪᠠ᠃ ᠡᠬᠦᠨ ᠤ ᠬᠠᠮᠳᠤ ᠬᠤᠲᠠ ᠬᠦᠳᠡᠭᠡ ᠶᠢᠨ ᠬᠠᠮᠤᠭ ᠳᠤᠤᠷ᠎ᠠ ᠠᠮᠢᠳᠤᠷᠠᠯ ᠤᠨ | ᠪᠠᠲᠤᠯᠠᠭ᠎ᠠ ᠶᠢ ᠬᠦᠢᠴᠡᠳᠭᠡᠬᠦ ᠳᠠᠪᠴᠠᠩ ᠢ ᠰᠦᠪᠡᠭᠴᠢᠯᠡᠨ ᠪᠠᠶᠢᠭᠤᠯᠵᠤ᠂ ᠬᠠᠮᠤᠭ ᠳᠤᠤᠷ᠎ᠠ ᠠᠮᠢᠳᠤᠷᠠᠯ ᠤᠨ | ᠪᠠᠲᠤᠯᠠᠭ᠎ᠠ ᠶᠢ ᠬᠦᠢᠴᠡᠳᠭᠡᠬᠦ ᠵᠠᠭᠪᠤᠷ ᠢ ᠬᠡᠷᠡᠭᠯᠡᠵᠦ᠂ ᠪᠠᠲᠤᠯᠠᠭᠠᠳᠤ ᠭᠡᠷ ᠪᠦᠯᠢ ᠶᠢᠨ ᠰᠤᠷᠠᠭ ᠵᠠᠩᠬᠢ ᠶᠢ | ᠰᠢᠰᠲ᠋ᠧᠮ ᠳᠤ ᠤᠷᠤᠭᠤᠯᠵᠤ᠂ ᠬᠢᠨᠠᠨ ᠬᠠᠮᠢᠶᠠᠷᠬᠤ ᠴᠢᠳᠠᠪᠦᠷᠢ ᠪᠠ ᠲᠦᠷᠢᠮᠵᠢᠬᠦᠨ ᠬᠠᠮᠢᠶᠠᠷᠤᠯᠲᠠ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠨᠢᠳᠤᠨᠤᠨ ᠠᠴᠠ ᠡᠬᠢᠯᠡᠭᠡᠳ ᠤᠷᠳᠤᠷᠢᠭ ᠦᠷᠭᠡᠷᠢᠭ ᠢᠶᠠᠷ 1256 | ᠡᠷᠦᠭᠡ ᠶᠢ ᠪᠠᠶᠢᠷᠢ ᠲᠤᠭᠲᠠᠭᠠᠭᠰᠠᠨ ᠪᠠᠶᠢᠨ᠎ᠠ᠃ | |