ᠮᠡᠨ ᠤ ᠬᠤᠰᠢᠭᠤ 219 ᠲᠥᠮᠡᠨ ᠲᠥᠭᠦᠷᠢᠭ ᠤᠨ ᠲᠦᠷ ᠴᠠᠭ ᠤᠨ ᠲᠤᠰᠠᠯᠠᠮᠵᠢ ᠶᠢᠨ ᠮᠥᠡᠭᠬᠦ ᠲᠠᠷᠬᠠᠭᠠᠪᠠ
ᠨᠡᠶᠢᠲᠡᠯᠡᠭᠰᠡᠨ ᠴᠠᠭ᠄
2019-01-18
      ᠨᠡᠶᠢᠢᠬᠡᠮ ᠤᠨ ᠠᠪᠤᠷᠠᠨ ᠲᠤᠰᠠᠯᠠᠬᠤ ᠥᠢᠯᠡᠳᠥᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠴᠠᠭᠠᠨ ᠰᠠᠷ᠎ᠠ  ᠶᠢᠨ ᠬᠤᠭᠤᠴᠠᠭᠠᠨ ᠳᠠᠬᠢ ᠤᠯᠠᠨ ᠲᠥᠮᠡᠨ ᠤ ᠭᠡᠨᠡᠳᠳᠡ᠂ ᠪᠠᠴᠢᠮ᠂ ᠲᠥᠷ ᠴᠠᠭ ᠤᠨ ᠴᠢᠨᠠᠷᠲᠠᠢ ᠠᠮᠢᠳᠤᠷᠠᠯ ᠤᠨ ᠬᠥᠴᠢᠷᠲᠡᠯ ᠢ ᠴᠠᠭ ᠲᠤᠬᠠᠢ ᠳᠤᠨᠢ ᠲᠤᠰᠠᠯᠠᠨ ᠳᠡᠮᠵᠢᠬᠦ ᠠᠵᠢᠯ ᠤᠨ ᠤᠷᠤᠭᠰᠢᠲᠠᠢ ᠶᠠᠪᠤᠭᠲᠠᠬᠤ ᠶᠢ ᠪᠠᠲᠤᠯᠠᠬᠤ ᠶᠢᠨ ᠲᠤᠰᠠᠳᠠ ᠤᠶᠢᠷ᠎ᠠ ᠶᠢᠨ ᠡᠳᠥᠷ᠂ ᠮᠠᠨ ᠤ ᠬᠤᠰᠢᠭᠤ 219 ᠲᠥᠮᠡᠨ ᠲᠥᠭᠦᠷᠢᠭ ᠤᠨ ᠲᠦᠷ ᠴᠠᠭ ᠤᠨ ᠲᠤᠰᠠᠯᠠᠮᠵᠢ  ᠶᠢᠨ ᠪᠡᠯᠡ ᠮᠥᠡᠭᠬᠦ ᠶᠢ ᠬᠤᠶᠠᠷ ᠪᠥᠯᠥᠭ ᠬᠤᠪᠢᠶᠠᠨ ᠡᠯ᠎ᠡ ᠰᠤᠮᠤ ᠪᠠᠯᠭᠠᠰᠤᠨ ᠳᠤ ᠲᠠᠷᠬᠠᠭᠠᠪᠠ᠃      ᠲᠤᠰ ᠪᠡᠯᠡ ᠮᠥᠡᠭᠬᠦ ᠶᠢ ᠭᠤᠤᠯᠳᠠᠭᠤ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ ᠭᠡᠨᠡᠳᠳᠡ  ᠶᠢᠨ ᠤᠴᠢᠷ᠂ ᠭᠡᠨᠡᠳᠲᠡ ᠶᠢᠨ ᠬᠥᠨᠳᠥ ᠡᠪᠡᠳᠴᠢᠨ᠂ ᠪᠤᠰᠤᠳ ᠲᠥᠷ ᠴᠠᠭ ᠤᠨ ᠴᠢᠨᠠᠷᠲᠠᠢ ᠤᠨᠴᠠᠭᠠᠢ ᠰᠢᠯᠳᠠᠭᠠᠨ  ᠠᠴᠠ ᠪᠤᠯᠤᠭᠰᠠᠨ ᠥᠨᠳᠥᠰᠥᠨ ᠠᠮᠢᠳᠤᠷᠠᠯ ᠢᠶᠠᠨ ᠪᠠᠲᠤᠯᠠᠬᠤ ᠶᠢᠨ ᠠᠷᠭ᠎ᠠ ᠥᠭᠡᠢ ᠭᠡᠷ ᠪᠥᠯᠢ ᠪᠠ ᠬᠤᠪᠢ ᠬᠥᠮᠥᠨ  ᠳᠤ ᠬᠡᠷᠡᠭᠯᠡᠬᠦᠯᠬᠦ ᠪᠠᠷ ᠪᠠᠶᠢᠨ᠎ᠠ᠃ ᠬᠥᠴᠢᠷᠲᠠᠯᠲᠠᠢ ᠤᠯᠠᠨ ᠲᠥᠮᠡᠨ ᠪᠤᠲᠠᠲᠤ ᠪᠠᠶᠢᠳᠠᠯ ᠢᠶᠠᠨ ᠥᠨᠳᠥᠰᠥᠯᠡᠵᠥ ᠰᠤᠮᠤ ᠪᠠᠯᠭᠠᠰᠤᠨ ᠤ ᠨᠡᠶᠢᠬᠡᠮ ᠤᠨ ᠠᠪᠤᠷᠠᠨ ᠲᠤᠰᠠᠯᠠᠬᠤ ᠠᠵᠢᠯ ᠤᠨ ᠶᠡᠭᠡ ᠲᠢᠩᠬᠢᠮ ᠳᠤ ᠭᠦᠷᠴᠤ ᠲᠥᠷ ᠴᠠᠭ ᠤᠨ ᠲᠤᠰᠠᠯᠠᠮᠵᠢ ᠶᠢᠨ ᠭᠤᠶᠤᠴᠢᠯᠠᠯ ᠵᠢᠴᠢ ᠬᠠᠮᠢᠶ᠎ᠠ ᠪᠥᠬᠦᠢ ᠬᠥᠴᠢᠷᠳᠠᠯᠲᠠᠢ ᠪᠠᠶᠢᠬᠤ ᠭᠡᠷᠡᠴᠢ ᠮᠠᠲ᠋ᠧᠷᠢᠶᠠᠯ ᠢ ᠲᠤᠰᠢᠶᠠᠵᠤ᠂ ᠰᠤᠮᠤ ᠪᠠᠯᠭᠠᠰᠤᠨ ᠤ ᠬᠢᠨ ᠬᠤᠯᠪᠤᠭᠳᠠᠯ ᠪᠥᠬᠦᠢ ᠠᠵᠢᠯᠲᠠᠨ ᠢ ᠵᠤᠬᠢᠶᠠᠨ ᠪᠠᠶᠢᠭᠤᠯᠤᠨ ᠡᠷᠥᠬᠡ ᠳᠤ ᠬᠥᠷᠴᠤ ᠬᠢᠨᠠᠨ ᠬᠠᠷᠭᠤᠭᠤᠯᠵᠤ᠂ ᠬᠡᠷᠪᠡ ᠪᠠᠶᠢᠳᠠᠯ ᠨᠢ ᠥᠨᠡᠨ ᠪᠤᠲᠠᠲᠠᠢ ᠪᠠᠶᠢᠪᠠᠯ ᠲᠤᠰᠠᠯᠠᠮᠵᠢ ᠭᠦᠷᠳᠡᠭᠡᠵᠤ ᠡᠯ᠎ᠡ ᠰᠤᠮᠤ ᠪᠠᠯᠭᠠᠰᠤ ᠪᠡᠯᠡ ᠮᠥᠡᠭᠬᠦ ᠶᠢᠨ ᠬᠢᠨᠠᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠢ ᠲᠦᠷᠦᠯ ᠤᠨ ᠪᠡᠯᠡ ᠮᠦᠩᠭᠦᠨ ᠤ ᠬᠡᠷᠡᠭᠯᠡᠯᠲᠡ ᠶᠢ ᠳᠦᠷᠢᠮᠵᠢᠭᠦᠯᠵᠤ᠂ ᠪᠡᠯᠡ ᠮᠥᠡᠭᠬᠦ ᠶᠢᠨ ᠬᠡᠷᠡᠭᠯᠡᠯᠲᠡ ᠶᠢᠨ ᠪᠥᠲᠥᠮᠵᠢ ᠶᠢ ᠥᠨᠡᠨᠬᠦ ᠲᠡᠭᠡᠭᠰᠢᠯᠡᠬᠦᠯᠤᠨ᠂ ︽ᠲᠠᠭᠠᠷᠠᠭᠰᠠᠨ ᠬᠥᠮᠥᠨ ᠳᠤ ᠲᠠᠬᠤ ᠬᠥᠷᠭᠡᠬᠦ︾ ᠵᠠᠷᠴᠢᠮ ᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠪᠠᠨ ᠪᠠᠲᠤᠯᠠᠵᠤ᠂ ᠨᠦᠬᠦᠴᠡᠯ ᠳᠤ ᠨᠠᠶᠢᠴᠡᠭᠰᠡᠨ ᠠᠪᠤᠷᠠᠨ ᠲᠤᠰᠠᠯᠠᠬᠤ ᠡᠳᠡᠭᠡᠳ ᠲᠤ ᠦᠨᠡᠨᠬᠦ ᠠᠰᠢᠭ ᠬᠦᠷᠲᠡᠭᠡᠬᠦ ᠪᠠᠷ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号