ᠤᠶᠢᠷ᠎ᠠ ᠶᠢᠨ ᠡᠳᠤᠷ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠤᠰᠢᠨ ᠵᠤᠬᠢᠶᠠᠯᠴᠢᠳ | ᠤᠨ ᠡᠪᠯᠠᠯ ᠤᠨ ᠰᠢᠨ᠎ᠠ ᠤᠨ ᠢᠶᠠᠨ ᠤᠭᠳᠣᠬᠤ ᠰᠤᠶᠤᠯ ᠤᠨ ᠰᠢᠷᠢᠰ ᠠᠵᠢᠯᠯᠠᠭ᠎ᠠ ᠰᠦᠯᠳᠡ ᠰᠤᠮᠤᠨ ᠤ ᠴᠤᠤᠳᠠᠢ | ᠭᠠᠴᠠᠭᠠᠨ ᠳᠤ ᠶᠠᠪᠤᠭᠳᠠᠵᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠠᠳ᠋ ᠲᠡᠷᠢᠭᠦᠯᠡᠭᠴᠢ᠂ ᠤᠳᠬ᠎ᠠ | ᠤᠷᠠᠯᠢᠭ ᠤᠨ ᠬᠢᠨ ᠤ ᠬᠤᠯᠪᠤᠭᠠᠨ ᠤ ᠲᠡᠷᠢᠭᠦᠯᠡᠭᠴᠢ ᠤᠶᠤᠨᠪᠢᠯᠢᠩ᠂ ᠵᠤᠬᠢᠶᠠᠯᠴᠢᠳ ᠤᠨ ᠡᠪᠯᠡᠯ ᠤᠨ ᠭᠡᠰᠢᠭᠦᠳ | ᠵᠢᠴᠢ ᠴᠤᠤᠳᠠᠢ ᠭᠠᠴᠠᠭᠠᠨ ᠤ ᠮᠠᠯᠴᠢᠳ ᠤᠷᠤᠯᠴᠠᠪᠠ᠃ | | | | | | | ᠠᠵᠢᠯᠯᠠᠭ᠎ᠠ ᠳᠤ ᠬᠤᠰᠢᠭᠤ ᠵᠤᠬᠢᠶᠠᠯᠴᠢᠳ ᠤᠨ ᠡᠪᠯᠠᠯ ᠤᠨ ᠬᠠᠷᠢᠭᠤᠴᠠᠯᠭᠠᠳᠠᠨ ᠠᠴᠠ 2018 ᠤᠨ ᠤ | ᠠᠵᠢᠯ ᠢᠶᠠᠨ ᠳ᠋ᠦᠩᠨᠡᠵᠦ᠂ 2019 ᠤᠨ ᠤ ᠠᠵᠢᠯ ᠤᠨ ᠲᠦᠯᠦᠪᠯᠡᠭᠡ ᠪᠠᠨ ᠲᠤᠭᠳᠠᠭᠠᠪᠠ᠃ ᠬᠤᠰᠢᠭᠤ ᠤᠳᠬ᠎ᠠ | ᠤᠷᠠᠯᠢᠭ ᠤᠨ ᠬᠢᠨ ᠤ ᠬᠤᠯᠪᠤᠭ᠎ᠠ ᠠᠴᠠ ᠦᠤᠰᠢᠨ ᠬᠤᠰᠢᠭᠤᠨ ᠤ ᠵᠤᠬᠢᠶᠠᠯᠴᠢᠳ ᠤᠨ ᠡᠪᠯᠠᠯ ᠤᠨ 2018 ᠤᠨ ᠤ | ᠰᠢᠯᠢᠳᠡᠭ ᠭᠡᠰᠢᠭᠦᠨ ᠪᠤᠯᠣᠨ ᠰᠤᠨᠢᠨ ᠰᠡᠳᠬᠦᠯ ᠲᠡᠭᠡᠷ᠎ᠡ ᠤᠯᠠᠨ ᠵᠤᠬᠢᠶᠠᠯ ᠪᠦᠳᠤᠭᠡᠯ ᠨᠠᠶᠢᠳᠠᠯᠡᠭᠰᠡᠨ | ᠵᠤᠬᠢᠶᠠᠯᠴᠢᠳ ᠢᠶᠠᠨ ᠱᠠᠩᠨᠠᠨ ᠬᠦᠬᠢᠭᠦᠯᠵᠤ ᠨᠠᠩ ᠤᠯᠠᠨ ᠰᠢᠯᠢᠳᠡᠭ ᠤᠷᠠᠨ ᠪᠦᠳᠤᠭᠡᠯ ᠤᠨ ᠲᠡᠭᠡᠵᠢ ᠪᠠᠨ ᠨᠠᠶᠢᠳᠠ | ᠲᠠᠶᠠᠭᠠᠷ ᠲᠤ ᠡᠷᠭᠦᠬᠦ ᠶᠢ ᠵᠤᠷᠢᠭᠵᠢᠭᠤᠯᠤᠨ ᠤᠷᠢᠶᠠᠯᠠᠭᠰᠠᠨ ᠪᠠᠶᠢᠨ᠎ᠠ᠃ | | | | | | | ᠠᠵᠢᠯᠯᠠᠭ᠎ᠠ ᠲᠡᠭᠡᠷ᠎ᠡ ᠤᠷᠠᠨ ᠵᠤᠬᠢᠶᠠᠯᠴᠢᠳ᠂ ᠤᠷᠠᠨ ᠪᠢᠴᠢᠯᠭᠡᠳᠡᠳ ᠠᠴᠠ ᠭᠠᠴᠠᠭᠠᠨ ᠳᠤ ᠨᠤᠮ ᠬᠦᠷᠭᠡᠭᠦ᠂ | ᠮᠠᠯᠴᠢᠨ ᠲᠠᠷᠢᠶᠠᠴᠢᠨ ᠳᠤ ᠰᠢᠨ᠎ᠠ ᠵᠢᠯ ᠤᠨ ᠬᠤᠤᠰ ᠤᠶᠠᠩᠭ᠎ᠠ ᠬᠦᠷᠭᠡᠭᠦ᠂ ᠰᠤᠶᠤᠯ ᠲᠡᠤᠭᠡ ᠶᠢᠨ ᠮᠡᠳᠡᠯᠭᠡ ᠶᠢ | ᠬᠠᠮᠤᠷᠤᠭᠰᠠᠨ ᠠᠭᠤᠯᠭ᠎ᠠ ᠲᠠᠢ ᠤᠷ᠎ᠠ ᠤᠬᠠᠭᠠᠨ ᠤ ᠮᠡᠳᠡᠯᠭᠡ ᠶᠢᠨ ᠤᠷᠤᠯᠳᠤᠭᠠᠨ ᠦᠷᠨᠢᠭᠦᠯᠭᠦ ᠵᠡᠷᠭᠡ ᠪᠠᠶᠠᠯᠢᠭ | ᠠᠭᠤᠯᠭ᠎ᠠ ᠲᠠᠢ ᠰᠤᠶᠤᠯ ᠤᠷᠠᠯᠢᠭ ᠤᠨ ᠠᠵᠢᠯᠯᠠᠭ᠎ᠠ ᠶᠠᠪᠤᠭᠳᠠᠭᠤᠯᠵᠤ ᠮᠠᠯᠴᠢᠨ ᠲᠦᠮᠡᠨ ᠤ ᠰᠤᠶᠤᠯ ᠤᠨ ᠠᠮᠢᠳᠤᠷᠠᠯ | ᠢ ᠪᠠᠶᠠᠯᠢᠭᠵᠢᠭᠤᠯᠤᠭᠰᠠᠨ ᠪᠠᠶᠢᠨ᠎ᠠ᠃ | | | | | | | ᠤᠶᠢᠯᠭᠠᠭᠰᠠᠨ ᠢᠶᠠᠷ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠵᠤᠬᠢᠶᠠᠯᠴᠢᠳ ᠤᠨ ᠡᠪᠯᠠᠯ | ᠤᠨ ᠰᠢᠨ᠎ᠡ ᠣᠨ ᠢᠶᠠᠨ ᠤᠭᠳᠤᠬᠤ ᠰᠤᠶᠣᠯ ᠤᠨ ᠰᠢᠷᠢᠰ ᠠᠵᠢᠯᠯᠠᠭ᠎ᠠ ᠨᠢ 2012 ᠤᠨ ᠳᠤ ᠬᠠᠮᠤᠭ ᠠᠩᠬ᠎ᠠ | ᠰᠦᠯᠳᠡ ᠰᠤᠮᠣᠨ ᠤ ᠬᠦᠭᠡᠮᠠᠩᠬᠠ ᠭᠠᠴᠠᠭᠠᠨ ᠳᠤ ᠶᠠᠪᠤᠭᠳᠠᠵᠤ᠂ ᠬᠤᠵᠢᠮ ᠨᠢ ᠵᠢᠯ ᠪᠤᠯᠭᠠᠨ ᠡᠯ᠎ᠠ ᠮᠠᠯᠵᠢᠬᠤ ᠰᠤᠮᠤ | ᠪᠠᠯᠭᠠᠰᠤ ᠪᠠᠷ ᠡᠭᠡᠯᠵᠢᠯᠠᠨ ᠶᠠᠪᠤᠭᠳᠠᠵᠤ᠂ ᠲᠠᠷᠠᠭ᠎ᠠ ᠵᠢᠯ ᠲᠤᠭ ᠪᠠᠯᠭᠠᠰᠤᠨ ᠤ ᠬᠤᠸᠠᠳᠤᠯᠤᠭᠠᠢ ᠭᠠᠴᠠᠭᠠᠨ ᠳᠤ | ᠶᠠᠪᠤᠭᠳᠠᠬᠤ ᠪᠠᠷ ᠪᠠᠶᠢᠨ᠎ᠠ᠃ | | | | | |