| | | | 1 ᠰᠠᠷ᠎ᠠ ᠶᠢᠨ 16 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ | ᠪᠦᠬᠦ ᠤᠷᠤᠨ ᠤ ︽ᠲᠠᠷᠢᠶᠠᠨ ᠭᠠᠵᠠᠷ ᠢ ᠨᠡᠷ᠎ᠠ ᠪᠤᠷᠤᠭᠤᠯᠠᠵᠦ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ | ᠠᠰᠠᠭᠤᠳᠠᠯ ᠢ ᠴᠡᠪᠡᠷᠯᠡᠨ ᠴᠡᠭᠴᠡᠯᠡᠬᠦ ᠲᠧᠯᠸᠢᠰ ᠤᠳᠠᠰᠤ ᠬᠤᠷᠠᠯ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ | ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ︽ᠲᠠᠷᠢᠶᠠᠨ ᠭᠠᠵᠠᠷ ᠢ ᠨᠡᠷ᠎ᠠ ᠪᠤᠷᠤᠭᠤᠯᠠᠵᠦ ᠡᠵᠡᠯᠡᠭᠰᠡᠨ | ᠬᠠᠤᠯᠢ ᠪᠤᠰᠤ ᠪᠠᠷᠢᠯᠭ᠎ᠠ︾ ᠶᠢᠨ ᠠᠰᠠᠭᠤᠳᠠᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠳᠠᠷᠠᠭᠠᠴᠢ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ | ᠰᠢᠶᠤᠤ ᠯᠢᠨ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ | ᠪᠦ᠋ ᠰᠢᠶᠤᠤ ᠯᠢᠨ᠂ ︽ᠲᠠᠷᠢᠶᠠᠨ ᠭᠠᠵᠠᠷ ᠢ ᠨᠡᠷ᠎ᠠ ᠪᠤᠷᠤᠭᠤᠯᠠᠵᠦ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ | ᠠᠰᠠᠭᠤᠳᠠᠯ ᠨᠢ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ ᠬᠠᠤᠯᠢ ᠲᠦᠷᠢᠮ ᠢ ᠬᠦᠨᠳᠦ ᠨᠤᠴᠢᠳᠠᠢ | ᠵᠦᠷᠢᠴᠡᠵᠦ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠯᠠᠭᠠᠨ ᠱᠤᠭᠤᠮ ᠪᠠ ᠡᠬᠦᠷᠢᠳᠠ ᠶᠢᠨ ᠦᠨᠳᠦᠰᠦᠨ | ᠲᠠᠷᠢᠶᠠᠨ ᠭᠠᠵᠠᠷ ᠢ ᠵᠠᠭᠠᠭᠯᠠᠨ ᠲᠤᠭᠳᠠᠭᠠᠭᠰᠠᠨ ᠬᠤᠷᠢᠭ᠎ᠠ ᠱᠤᠭᠤᠮ ᠲᠠᠢ ᠰᠢᠭᠤᠳ ᠬᠠᠯᠳᠠᠪᠠ᠃ ︽ᠲᠠᠷᠢᠶᠠᠨ | ᠭᠠᠵᠠᠷ ᠢ ᠨᠡᠷ᠎ᠠ ᠪᠤᠷᠤᠭᠤᠯᠠᠵᠦ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠠᠰᠠᠭᠤᠳᠠᠯ ᠢ ᠴᠡᠪᠡᠷᠯᠡᠨ ᠴᠡᠭᠴᠡᠯᠡᠬᠦ | ᠪᠤᠯ ᠪᠢᠳᠠᠨ ᠤ ᠡᠷᠭᠡᠪᠰᠢ ᠰᠠᠶᠢᠳᠤᠷ ᠡᠬᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ᠂ ᠪᠠᠰᠠ ᠴᠦ | ᠪᠢᠳᠡᠨ ᠤ ᠲᠦᠪ ᠴᠢᠩᠭ᠎ᠠ ᠬᠦᠢᠴᠡᠳᠭᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠮᠦᠨ᠃ ᠶᠡᠷᠦᠩᠭᠡᠢ ᠱᠦᠵᠢ | ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠪᠠ ᠲᠦᠪ ᠤᠨ ᠱᠠᠭᠠᠷᠳᠠᠯᠭ᠎ᠠ ᠪᠠᠶᠢᠷᠢᠯᠠᠭᠤᠯᠤᠯᠳᠠ ᠶᠢ ᠲᠡᠷᠡ ᠶᠤᠰᠤᠭᠠᠷ ᠨᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ᠦᠨᠡᠨ ᠬᠦ ︽ᠰᠠᠬᠢᠯᠭ᠎ᠠ ᠪᠠᠳᠤ ᠶᠢ ᠴᠢᠩᠳᠠᠯᠠᠵᠦ᠂ ᠶᠤᠰᠤ ᠲᠦᠷᠢᠮ ᠢ ᠪᠠᠶᠢᠭᠤᠯᠵᠦ︾᠂ ︽ | ᠲᠠᠷᠢᠶᠠᠨ ᠭᠠᠵᠠᠷ ᠢ ᠨᠡᠷ᠎ᠠ ᠪᠤᠷᠤᠭᠤᠯᠠᠵᠦ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠠᠰᠠᠭᠤᠳᠠᠯ ᠢ ᠴᠡᠪᠡᠷᠯᠡᠨ | ᠴᠡᠭᠴᠡᠯᠡᠬᠦ ᠪᠠᠷ ᠤᠳᠤᠬᠠᠨ ᠤ ᠬᠠᠮᠤᠭ ᠤᠨ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠦ᠂ ᠬᠤᠭᠤᠴᠠᠭ᠎ᠠ | ᠶᠤᠰᠤᠭᠠᠷ ᠴᠡᠪᠡᠷᠯᠡᠨ ᠴᠡᠭᠴᠡᠯᠡᠬᠦ ᠠᠵᠢᠯ ᠤᠨ ᠡᠬᠦᠷᠭᠡ ᠶᠢ ᠴᠢᠨᠠᠷ ᠰᠠᠶᠢᠳᠠᠢ ᠪᠡᠶᠡᠯᠡᠬᠦᠯᠬᠦ ᠭᠡᠷᠡᠭᠲᠡᠢ ᠭᠡᠵᠦ ᠵᠢᠭᠠᠵᠦ | ᠭᠠᠷᠭᠠᠪᠠ᠃ | ᠪᠦ᠋ ᠰᠢᠶᠤᠤ ᠯᠢᠨ᠂ ᠡᠯ᠎ᠠ ᠭᠠᠵᠠᠷ ᠤᠷᠤᠨ ︽ᠲᠦᠷᠪᠡᠨ ᠤᠬᠠᠮᠰᠠᠷ︾ ︽ᠬᠤᠶᠠᠷ ᠢ ᠬᠠᠮᠠᠭᠠᠯᠠᠬᠤ︾ ᠶᠢ | ᠠᠵᠢᠯᠯᠠᠭ᠎ᠠ ᠳᠤᠮᠳᠠ ᠪᠠᠨ ᠡᠷᠡᠰ ᠨᠠᠶᠢᠳᠠᠪᠤᠷᠢᠵᠢᠭᠤᠯᠵᠦ᠂ ᠠᠵᠢᠯ ᠤᠨ ᠦᠷ᠎ᠠ ᠪᠦᠳᠦᠮᠵᠢ ᠳᠡᠭᠡᠷ᠎ᠠ ᠪᠠᠨ ᠢᠯᠡᠷᠡᠬᠦᠯᠵᠦ᠂ | ᠭᠤᠤᠯ ᠤᠳᠤᠷᠢᠳᠤᠯᠭ᠎ᠠ ᠪᠡᠶ᠎ᠠ ᠪᠠᠷ ᠢᠶᠠᠨ ᠠᠳᠬᠤᠵᠦ᠂ ᠱᠠᠳᠤ ᠱᠠᠳᠤ ᠪᠠᠷ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠦ᠂ ᠡᠯ᠎ᠠ ᠲᠦᠷᠦᠯ ᠤᠨ ᠴᠡᠪᠡᠷᠯᠡᠨ ᠴᠡᠭᠴᠡᠯᠡᠬᠦ ᠡᠬᠦᠷᠭᠡ ᠶᠢ ᠪᠤᠳᠠᠳᠠᠢ ᠳᠤ | ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠲᠡᠢ᠃ ᠳᠠᠷᠦ᠋ᠢᠬᠠᠨ ᠬᠦᠳᠡᠯᠦᠯᠴᠡᠵᠦ᠂ ᠪᠦᠬᠦ ᠲᠠᠯ᠎ᠠ ᠪᠠᠷ ᠲᠦᠪ ᠴᠢᠩᠭ᠎ᠠ | ᠰᠢᠭᠰᠢᠨ ᠪᠠᠶᠢᠴᠠᠭᠠᠵᠦ᠂ ᠰᠠᠭᠤᠷᠢ ᠲᠤᠭ᠎ᠠ ᠶᠢ ᠲᠤᠭᠤᠰᠢᠳᠠᠢ ᠪᠠᠶᠢᠴᠠᠭᠠᠨ ᠳᠤᠳᠤᠯᠠᠵᠦ᠂ ︽ᠲᠠᠷᠢᠶᠠᠨ ᠭᠠᠵᠠᠷ ᠢ ᠨᠡᠷ᠎ᠠ | ᠪᠤᠷᠤᠭᠤᠯᠠᠵᠦ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠦ | ᠵᠠᠯᠠᠷᠠᠭᠤᠯᠬᠤ ᠭᠡᠷᠡᠭᠲᠡᠢ᠃ ᠬᠠᠤᠯᠢ ᠴᠠᠭᠠᠵᠠ ᠲᠦᠷᠢᠮ ᠲᠤᠭᠳᠠᠭᠠᠯ ᠶᠤᠰᠤᠭᠠᠷ ᠴᠡᠪᠡᠷᠯᠡᠨ ᠴᠡᠭᠴᠡᠯᠡᠬᠦ ᠶᠢ ᠪᠠᠷᠢᠮᠳᠠᠯᠠᠵᠦ | ᠂ ᠬᠠᠤᠯᠢ ᠶᠢ ᠵᠦᠷᠢᠴᠡᠵᠦ ᠲᠦᠷᠢᠮ ᠢ ᠵᠦᠷᠢᠴᠡᠵᠦ ᠪᠠᠶᠢᠭᠤᠯᠤᠭᠰᠠᠨ ︽ᠲᠠᠷᠢᠶᠠᠨ ᠭᠠᠵᠠᠷ ᠢ ᠨᠡᠷ᠎ᠠ ᠪᠤᠷᠤᠭᠤᠯᠠᠵᠦ | ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦ ᠭᠡᠷᠡᠭᠲᠡᠢ᠃ ᠠᠵᠢᠯ ᠤᠨ | ᠰᠠᠬᠢᠯᠭ᠎ᠠ ᠪᠠᠳᠤ ᠶᠢ ᠴᠢᠩᠳᠠᠯᠠᠵᠦ᠂ ᠴᠡᠪᠡᠷᠯᠡᠨ ᠴᠡᠭᠴᠡᠯᠡᠬᠦ ᠠᠵᠢᠯ ᠳᠤᠮᠳᠠᠬᠢ ᠬᠠᠤᠯᠢ ᠶᠢ ᠵᠦᠷᠢᠴᠡᠵᠦ ᠲᠦᠷᠢᠮ | ᠲᠤᠭᠳᠠᠭᠠᠯ ᠢ ᠵᠦᠷᠢᠴᠡᠭᠰᠡᠨ ᠠᠰᠠᠭᠤᠳᠠᠯ ᠳᠤ ᠨᠢᠭᠡ ᠶᠢ ᠢᠯᠡᠷᠡᠬᠦᠯᠪᠡᠯ ᠳᠠᠷᠦ᠋ᠢᠬᠠᠨ ᠪᠠᠶᠢᠴᠠᠭᠠᠨ ᠰᠢᠢᠳᠪᠤᠷᠢᠯᠡᠬᠦ | ᠭᠡᠷᠡᠭᠲᠡᠢ᠃ ᠠᠵᠢᠯ ᠢᠶᠠᠨ ᠨᠠᠵᠠᠭᠠᠢ ᠬᠢᠬᠦ᠂ ᠠᠵᠢᠯ ᠦᠯᠦ ᠬᠢᠬᠦ ᠪᠠ ᠬᠠᠷᠢᠭᠤᠴᠠᠯᠭ᠎ᠠ ᠠᠯᠳᠠᠨ ᠲᠤᠰᠢᠶᠠᠯ ᠢᠶᠠᠨ | ᠭᠤᠳᠤᠭᠠᠭᠰᠠᠨ ᠦᠵᠡᠭᠳᠡᠯ ᠳᠤ ᠲᠦᠪ ᠴᠢᠩᠭ᠎ᠠ ᠪᠠᠷ ᠬᠠᠷᠢᠭᠤᠴᠠᠯᠭ᠎ᠠ ᠲᠤᠯᠭᠠᠨ ᠬᠠᠷᠢᠭᠤᠴᠠᠯᠭ᠎ᠠ ᠨᠡᠭᠡᠮᠵᠢᠯᠡᠬᠦ | ᠭᠡᠷᠡᠭᠲᠡᠢ᠃ ᠪᠦᠬᠦ ᠨᠡᠶᠢᠭᠡᠮ ᠢ ᠲᠠᠶᠢᠴᠢᠯᠠᠨ ᠬᠢᠨᠡᠯᠳᠠ ᠲᠠᠯᠪᠢᠵᠦ᠂ ︽ᠲᠠᠷᠢᠶᠠᠨ ᠭᠠᠵᠠᠷ ᠢ ᠨᠡᠷ᠎ᠠ ᠪᠤᠷᠤᠭᠤᠯᠠᠵᠦ | ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢ ᠨᠢᠭᠤᠨ ᠳᠠᠯᠳᠠᠯᠠᠬᠤ ᠭᠠᠵᠠᠷ ᠦᠭᠡᠢ ᠪᠤᠯᠭᠠᠬᠤ ᠭᠡᠷᠡᠭᠲᠡᠢ ᠭᠡᠵᠦ | ᠴᠢᠬᠤᠯᠠᠴᠢᠯᠠᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ | ᠤᠷᠤᠨ ᠤ ᠳᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠡᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠯᠢᠦ ᠴᠢ ᠹᠠᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠠᠩ ᠱᠤᠤ ᠴᠦᠨ᠂ ᠯᠢ ᠪᠢᠩ | ᠷᠦᠩ ᠬᠤᠷᠠᠯ ᠳᠤ ᠤᠷᠤᠯᠴᠠᠬᠤ ᠶᠢᠨ ᠬᠠᠮᠳᠦ ᠠᠵᠢᠯ ᠤᠨ ᠪᠠᠶᠢᠷᠢᠯᠠᠭᠤᠯᠤᠯᠳᠠ ᠶᠢ ᠤᠯᠠᠮᠵᠢᠯᠠᠪᠠ᠃ | ᠬᠤᠷᠠᠯ ᠨᠢ ᠸᠢᠳᠢᠣ᠋ ᠭᠡᠯᠪᠡᠷᠢ ᠪᠠᠷ ᠰᠤᠮᠤ ᠰᠢᠶᠠᠩ ᠬᠦᠷᠳᠡᠯ᠎ᠠ ᠬᠤᠷᠠᠯᠳᠤᠭᠤᠯᠵᠠᠢ᠃ | ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ | ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ | ᠰᠤᠷᠭᠠᠯᠳᠤ᠂ ᠬᠤᠰᠢᠭᠤ ᠤᠳᠤᠷᠢᠳᠤᠯᠭ᠎ᠠ ᠪᠠᠶᠠᠠᠴᠠᠩᠭᠡᠯ᠂ ᠸᠠᠩ ᠭᠠᠩ ᠪᠤᠯᠤᠨ ᠡᠯ᠎ᠠ ᠰᠤᠮᠤ ᠪᠠᠯᠭᠠᠰᠤ᠂ ᠬᠤᠰᠢᠭᠤ | ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ | ᠲᠠᠯᠠᠪᠠᠢ ᠳᠤ ᠬᠤᠷᠠᠯ ᠳᠤ ᠤᠷᠤᠯᠴᠠᠪᠠ᠃ | |