ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠬᠡᠳᠦᠬᠡᠷ ᠣᠳᠠᠭᠠᠨ ᠤ ᠬᠤᠷᠠᠯᠳᠣᠭᠠᠨ ᠬᠤᠷᠠᠯᠳᠣᠪᠠ
ᠨᠡᠶᠢᠲᠡᠯᠡᠭᠰᠡᠨ ᠴᠠᠭ᠄
2019-01-18
     
     1 ᠰᠠᠷ᠎ᠠ ᠶᠢᠨ 17 ᠤ ᠡᠳᠤᠷ᠂ ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ  ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠬᠡᠳᠦᠬᠡᠷ ᠣᠳᠠᠭᠠᠨ ᠤ ᠬᠤᠷᠠᠯᠳᠣᠭᠠᠨ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠠᠷᠠᠳ  ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ᠂ ᠸᠠᠩ ᠶᠦᠩ ᠴᠢᠩ᠂ ᠸᠠᠩ ᠵᠢᠷᠭᠠᠯ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠽᠦᠸᠧ ᠴᠧᠨ ᠭᠤᠸᠠᠩ᠂ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ᠂ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠦᠪᠯᠡᠯ᠂ ᠵᠣᠬᠢᠶᠠᠨ ᠪᠠᠶᠢᠭᠤᠯᠬᠤ ᠬᠡᠯᠳᠡᠰ᠂ ᠠᠷᠠᠳ ᠤᠨ ᠰᠢᠬᠦᠬᠦ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠪᠠ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠭᠤᠯᠭ᠎ᠠ ᠨᠢᠬᠡᠴᠢ ᠳᠤ ᠰᠠᠭᠤᠭ᠎ᠠ ᠰᠠᠬᠢᠯᠭ᠎ᠠ ᠪᠠᠳᠣ ᠬᠢᠨᠠᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ᠂ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠪᠯᠡᠯ᠂ ᠠᠯᠪᠠᠨ ᠬᠡᠷ ᠤᠨ ᠳᠡᠳ᠋ ᠡᠷᠬᠢᠯᠡᠭᠴᠢ ᠬᠤᠷᠠᠯ ᠳᠤ ᠣᠷᠣᠯᠴᠠᠪᠠ᠃ ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ  ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠡᠶᠢᠳᠡ 25 ᠬᠦᠮᠦᠨ ᠲᠠᠢ᠂ ᠳᠣᠰ ᠣᠳᠠᠭᠠᠨ ᠤ ᠬᠤᠷᠠᠯ ᠳᠤ 22 ᠬᠦᠮᠦᠨ ᠣᠷᠣᠯᠴᠠᠵᠦ᠂ ᠬᠠᠣᠯᠢ ᠳᠤ ᠲᠤᠭᠲᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃      ᠬᠤᠷᠠᠯ ᠳᠡᠭᠡᠷ᠎ᠡ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠳᠡᠳ᠋ ᠡᠷᠬᠢᠯᠡᠭᠴᠢ ᠯᠢ ᠰᠢᠦ ᠹᠧᠩ ᠠᠴᠠ ︽ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠬᠡᠳᠦᠬᠡᠷ ᠣᠳᠠᠭᠠᠨ  ᠤ ᠬᠤᠷᠠᠯᠳᠣᠭᠠᠨ ᠤ ᠰᠣᠩᠭᠤᠭᠤᠯᠢ ᠶᠢᠨ ᠠᠷᠭ᠎ᠠ ︵ᠳᠦᠰᠦᠯ︶︾ ᠳᠤ ᠲᠤᠳᠤᠷᠬᠠᠶᠢᠯᠠᠯᠲᠠ ᠬᠢᠵᠤ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠷᠭᠠᠯ ︽ᠤᠷᠳᠤᠰ ᠬᠤᠲᠠ ᠶᠢᠨ ᠳᠦᠷᠪᠡᠳᠤᠭᠡᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢ ᠶᠢ ᠳᠤᠷᠠᠳᠤᠨ ᠲᠡᠪᠰᠢᠭᠦᠯᠬᠦ ᠲᠤᠬᠠᠢ ᠵᠦᠪᠯᠡᠯᠭᠡ︾ ᠳᠤ ᠲᠤᠳᠤᠷᠬᠠᠶᠢᠯᠠᠯᠲᠠ ᠬᠢᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠭᠡᠰᠢᠬᠦᠨ ᠠᠴᠠ ︽ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠬᠡᠳᠦᠬᠡᠷ ᠣᠳᠠᠭᠠᠨ ᠤ ᠬᠤᠷᠠᠯᠳᠣᠭᠠᠨ ᠤ ᠪᠢᠯᠧᠲ ᠪᠠᠶᠢᠴᠠᠭᠠᠭᠴᠢ ᠶᠢᠨ ᠨᠡᠷᠡᠰ ︵ᠳᠦᠰᠦᠯ︶︾ ᠢ ᠪᠠᠳᠣᠯᠠᠪᠠ᠃ ᠬᠤᠷᠠᠯ ᠨᠢ ᠨᠡᠷ᠎ᠡ ᠪᠤᠷᠤᠭᠤᠯᠠᠭᠰᠠᠨ ᠪᠢᠯᠧᠲ ᠦᠭᠬᠦ ᠠᠷᠭ᠎ᠠ ᠪᠠᠷ ᠶᠠᠪᠤᠭᠳᠠᠵᠤ᠂ ᠰᠣᠩᠭᠤᠭᠤᠯᠢ ᠪᠠᠷ ᠳᠠᠮᠵᠢᠨ ᠵᠣᠣ ᠹᠧᠢ ᠯᠣ᠋ ᠨᠦᠬᠦᠷ ᠪᠦᠬᠦᠯᠢ ᠪᠢᠯᠧᠲ ᠢᠶᠠᠷ ᠣᠷᠳᠣᠰ ᠬᠤᠳᠠ ᠶᠢᠨ ᠳᠦᠷᠪᠡᠳᠦᠬᠡᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢ ᠪᠠᠷ ᠰᠣᠩᠭᠤᠭᠳᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号