| | | | | 12 ᠰᠠᠷ᠎ᠠ ᠶᠢᠨ 28 ᠤ ᠡᠳᠦᠷ᠂ ᠬᠤᠳᠠ ᠶᠢᠨ ᠵᠠᠰᠠᠭ ᠤᠨ ᠤᠷᠳᠤᠨ ᠤ ᠬᠤᠳᠠ ᠶᠢᠨ ᠲᠡᠳ᠋ ᠲᠠᠷᠤᠭ᠎ᠠ | ᠵᠠᠰᠠᠭ ᠵᠠᠭᠢᠷᠭᠠᠨ ᠤ ᠲᠡᠭᠡᠳᠤ ᠰᠤᠷᠭᠠᠭᠤᠯᠢ ᠶᠢᠨ ᠲᠠᠷᠤᠭ᠎ᠠ ᠬᠤᠳᠠ ᠶᠢᠨ ᠭᠤᠷᠪᠠᠳᠤᠭᠠᠷ ᠭᠢᠨᠠᠨ ᠰᠢᠯᠭᠠᠯᠳᠠ ᠶᠢᠨ | ᠲᠤᠭᠤᠶᠢᠯᠠᠩ ᠤᠨ ᠲᠠᠷᠤᠭ᠎ᠠ ᠱᠢ ᠶᠠᠨ ᠵᠢᠶᠧ ᠬᠤᠳᠠ ᠶᠢᠨ ᠭᠢᠨᠠᠨ ᠰᠢᠯᠭᠠᠯᠳᠠ ᠶᠢᠨ ᠲᠤᠭᠤᠶᠢᠯᠠᠩ ᠤᠨ ᠬᠢᠨ ᠢ | ᠲᠠᠭᠠᠭᠤᠯᠤᠨ ᠮᠠᠨ ᠤ ᠬᠤᠰᠢᠭᠤᠨ ᠤ ᠤᠳᠤᠷᠢᠳᠬᠤ ᠪᠠᠭ ᠪᠤᠯᠤᠨ ᠤᠳᠤᠷᠢᠳᠬᠤ ᠺᠠᠳ᠋ᠷᠴᠤᠳ ᠲᠤ ᠵᠢᠯ ᠤᠨ ᠭᠢᠨᠠᠨ | ᠰᠢᠯᠭᠠᠯᠳᠠ ᠭᠢᠭᠦ ᠶᠢᠨ ᠬᠠᠮᠳᠤ ᠪᠥᠭᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠤᠭᠰᠠᠨ | ᠪᠠᠶᠢᠨ᠎ᠠ᠃ ᠬᠤᠳᠠ ᠶᠢᠨ ᠵᠠᠰᠠᠭ ᠤᠨ ᠤᠷᠳᠤᠨ ᠤ ᠬᠤᠳᠠ ᠶᠢᠨ ᠲᠡᠳ᠋ ᠲᠠᠷᠤᠭ᠎ᠠ ᠬᠤᠳᠠ ᠶᠢᠨ ᠵᠠᠰᠠᠭ ᠵᠠᠭᠢᠷᠭᠠᠨ ᠤ | ᠲᠡᠭᠡᠳᠤ ᠰᠤᠷᠭᠠᠭᠤᠯᠢ ᠶᠢᠨ ᠲᠠᠷᠤᠭ᠎ᠠ ᠬᠤᠳᠠ ᠶᠢᠨ ᠭᠤᠷᠪᠠᠳᠤᠭᠠᠷ ᠭᠢᠨᠠᠨ ᠰᠢᠯᠭᠠᠯᠳᠠ ᠶᠢᠨ ᠲᠤᠭᠤᠶᠢᠯᠠᠩ ᠤᠨ | ᠲᠠᠷᠤᠭ᠎ᠠ ᠱᠢ ᠶᠠᠨ ᠵᠢᠶᠧ᠂ ᠬᠤᠳᠠ ᠶᠢᠨ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ ᠭᠡᠯᠳᠡᠰ ᠤᠨ ᠲᠠᠳ᠋ | ᠲᠠᠷᠤᠭ᠎ᠠ ᠵᠢᠩᠭᠢᠨᠢ ᠭᠠᠵᠠᠷ ᠤᠨ ᠲᠠᠰ ᠤᠨ ᠵᠤᠭᠢᠶᠠᠨ ᠪᠠᠶᠢᠭᠤᠯᠤᠭᠴᠢ ᠬᠤᠳᠠ ᠶᠢᠨ ᠭᠤᠷᠪᠠᠳᠤᠭᠠᠷ ᠭᠢᠨᠠᠨ ᠰᠢᠯᠭᠠᠯᠳᠠ | ᠶᠢᠨ ᠲᠤᠭᠤᠶᠢᠯᠠᠩ ᠤᠨ ᠲᠡᠳ᠋ ᠲᠠᠷᠤᠭ᠎ᠠ ᠵᠠᠩ ᠫᠧᠩ ᠴᠧᠩ᠂ ᠬᠤᠳᠠ ᠶᠢᠨ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ | ᠭᠢᠨᠠᠨ ᠪᠠᠶᠢᠴᠠᠭᠠᠬᠤ ᠵᠥᠪᠯᠠᠯ ᠠᠴᠠ ᠬᠤᠳᠠ ᠶᠢᠨ ᠭᠥᠮᠤᠨ ᠤ ᠭᠥᠴᠤᠨ ᠤ ᠡᠭᠢ ᠪᠠᠶᠠᠯᠢᠭ ᠪᠤᠯᠤᠨ ᠨᠠᠶᠢᠭᠡᠮ ᠤᠨ | ᠪᠠᠳᠤᠯᠠᠭ᠎ᠠ ᠶᠢᠨ ᠲᠤᠪᠴᠢᠶ᠎ᠠ ᠳᠤ ᠲᠤᠮᠢᠯᠠᠭᠰᠠᠨ ᠰᠠᠭᠢᠯᠭ᠎ᠠ ᠪᠠᠳᠤ ᠪᠠᠶᠢᠴᠠᠭᠠᠬᠤ ᠭᠢᠨᠠᠨ ᠪᠠᠶᠢᠴᠠᠭᠠᠬᠤ ᠲᠤᠭᠤᠶᠢᠯᠠᠩ | ᠤᠨ ᠲᠠᠷᠤᠭ᠎ᠠ ᠬᠤᠳᠠ ᠶᠢᠨ ᠭᠤᠷᠪᠠᠳᠤᠭᠠᠷ ᠭᠢᠨᠠᠨ ᠰᠢᠯᠭᠠᠯᠳᠠ ᠶᠢᠨ ᠲᠤᠭᠤᠶᠢᠯᠠᠩ ᠤᠨ ᠲᠡᠳ᠋ ᠲᠠᠷᠤᠭ᠎ᠠ ᠤᠷᠠᠨ᠎ᠠ᠂ | ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ | ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠬᠤᠤ ᠸᠧᠢ ᠵᠡᠷᠭᠡ ᠲᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ | ᠲᠠᠰ ᠤᠨ ᠤᠳᠤᠷᠢᠳᠤᠯᠭ᠎ᠠ᠂ ᠡᠯ᠎ᠠ ᠰᠤᠮᠤ ᠪᠠᠯᠭᠠᠰᠤᠨ ᠤ ᠨᠠᠮ ᠵᠠᠰᠠᠭ ᠤᠨ ᠵᠢᠩᠭᠢᠨᠢ ᠲᠤᠰᠢᠶᠠᠯᠳᠠᠨ᠂ ᠬᠤᠰᠢᠭᠤ ᠨᠠᠮ | ᠵᠠᠰᠠᠭ ᠤᠨ ᠶᠠᠷᠤᠩᠭᠡᠶᠢᠯᠡᠭᠰᠠᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ᠂ ᠬᠤᠰᠢᠭᠤ ᠰᠠᠭᠢᠯᠭ᠎ᠠ ᠪᠠᠳᠤ | ᠪᠠᠶᠢᠴᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠭᠢᠨᠠᠨ ᠪᠠᠶᠢᠴᠠᠭᠠᠬᠤ ᠵᠥᠪᠯᠠᠯ ᠤᠨ ᠭᠡᠰᠢᠭᠦᠨ᠂ ᠲᠥᠷᠪᠡᠨ | ᠶᠡᠭᠡ ᠤᠳᠤᠷᠢᠳᠬᠤ ᠪᠠᠭ ᠤᠨ ᠠᠯᠪᠠᠨ ᠭᠡᠷ ᠤᠨ ᠡᠷᠭᠢᠯᠡᠭᠴᠢ᠂ ᠡᠯ᠎ᠠ ᠠᠷᠠᠳ ᠤᠨ ᠪᠥᠯᠭᠦᠮ ᠤᠨ ᠬᠠᠷᠢᠭᠤᠴᠠᠯᠭᠠᠳᠠᠨ᠂ | ᠨᠡᠭᠡᠭᠡᠯᠳᠠ ᠶᠢᠨ ᠤᠷᠤᠨ ︵ᠭᠥᠷᠢᠶᠠᠯᠠᠩ ᠲᠤᠭᠤᠷᠢᠭ︶ ᠤ ᠤᠳᠤᠷᠢᠳᠬᠤ ᠪᠠᠭ ᠤᠨ ᠪᠥᠷᠢᠯᠳᠤᠭᠦᠨ᠂ ᠤᠷᠴᠢᠮ ᠤᠨ | ᠭᠤᠷᠪᠠᠨ ᠵᠢᠯ ᠳᠤ ᠠᠵᠢᠯ ᠤᠨ ᠠᠮᠠᠷᠠᠯᠳᠠ ᠪᠠᠨ ᠠᠪᠤᠭᠰᠠᠨ ᠨᠠᠮ ᠵᠠᠰᠠᠭ ᠤᠨ ᠤᠳᠤᠷᠢᠳᠬᠤ ᠪᠠᠭ ᠤᠨ ᠪᠥᠷᠢᠯᠳᠤᠭᠦᠨ | ᠂ ᠤᠯᠠᠨ ᠲᠥᠮᠡᠨ ᠤ ᠲᠥᠯᠥᠭᠡᠯᠡᠭᠴᠢ ᠬᠤᠷᠠᠯ ᠳᠤ ᠤᠷᠤᠯᠴᠠᠪᠠ᠃ | ᠱᠢ ᠶᠠᠨ ᠵᠢᠶᠧ ᠲᠤᠰ ᠤᠳᠠᠭᠠᠨ ᠤ ᠵᠢᠯ ᠤᠨ ᠭᠢᠨᠠᠨ ᠰᠢᠯᠭᠠᠯᠳᠠ ᠶᠢᠨ ᠠᠵᠢᠯ ᠤᠨ ᠲᠠᠰ ᠲᠠᠷᠠᠭ᠎ᠠ ᠳᠤ | ᠲᠤᠳᠤᠷᠬᠠᠶᠢᠯᠠᠯᠳᠠ ᠭᠢᠭᠦ ᠶᠢᠨ ᠬᠠᠮᠳᠤ ᠭᠢᠨᠠᠨ ᠰᠢᠯᠭᠠᠬᠤ ᠠᠵᠢᠯ ᠢ ᠰᠠᠶᠢᠨ ᠭᠢᠭᠦ ᠲᠤᠬᠠᠢ ᠱᠠᠭᠠᠷᠳᠠᠯᠭ᠎ᠠ ᠲᠤᠷᠠᠳᠴᠤ | ᠴᠢᠬᠤᠯᠠᠴᠢᠯᠠᠬᠤ ᠳᠤ ᠪᠠᠨ᠂ ᠵᠢᠯ ᠤᠨ ᠭᠢᠨᠠᠨ ᠰᠢᠯᠭᠠᠯᠳᠠ ᠶᠢᠨ ᠠᠴᠢ ᠬᠤᠯᠪᠤᠭᠳᠠᠯ ᠢ ᠭᠥᠢᠴᠡᠳ ᠲᠠᠨᠢᠵᠤ ᠨᠠᠮ ᠤᠨ | ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ ᠲᠥᠪ᠂ ᠥᠪᠡᠷᠳᠡᠭᠡᠨ | ᠵᠠᠰᠠᠬᠤ ᠤᠷᠤᠨ ᠤ ᠭᠢᠨᠠᠨ ᠰᠢᠯᠭᠠᠯᠳᠠ ᠶᠢᠨ ᠠᠵᠢᠯ ᠤᠨ ᠱᠠᠭᠠᠷᠳᠠᠯᠭ᠎ᠠ᠂ ᠬᠤᠳᠠ ᠶᠢᠨ ᠨᠠᠮ ᠤᠨ ᠬᠤᠷᠢᠶᠠᠨ ᠤ | ᠰᠶᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠳᠤᠷᠢᠳᠬᠤ ᠪᠠᠭ | ᠪᠤᠯᠤᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢᠨ ᠲᠤᠭᠤᠷᠢᠨ ᠳᠤ ᠥᠵᠠᠯ ᠰᠠᠨᠠᠭᠠᠨ ᠤ ᠲᠠᠨᠢᠯᠳᠠ ᠪᠠᠨ | ᠭᠥᠨᠵᠡᠭᠡᠶᠢᠷᠠᠭᠦᠯᠵᠤ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠤᠨ ᠭᠢᠨᠠᠨ ᠰᠢᠯᠭᠠᠯᠳᠠ ᠶᠢᠨ ᠡᠭᠦᠷᠭᠡ ᠪᠠᠨ | ᠨᠡᠩ ᠰᠠᠶᠢᠨ ᠪᠠᠶᠠᠯᠠᠭᠦᠯᠭᠦ ᠭᠡᠷᠡᠭᠳᠠᠢ᠃ ᠵᠢᠯ ᠤᠨ ᠭᠢᠨᠠᠨ ᠰᠢᠯᠭᠠᠯᠳᠠ ᠶᠢᠨ ᠠᠭᠤᠯᠭ᠎ᠠ ᠱᠠᠭᠠᠷᠳᠠᠯᠭ᠎ᠠ ᠪᠤᠯᠤᠨ | ᠤᠨᠴᠠᠯᠢᠭ ᠬᠤᠪᠢᠷᠠᠯᠳᠠ ᠶᠢ ᠤᠨᠤᠪᠴᠢᠳᠠᠢ ᠡᠵᠠᠮᠳᠠᠨ ᠭᠢᠨᠠᠨ ᠰᠢᠯᠭᠠᠬᠤ ᠤᠳᠤᠷᠢᠳᠤᠮᠵᠢ ᠶᠢᠨ ᠲᠠᠯ᠎ᠠ ᠳᠤ ᠵᠠᠰᠠᠭ ᠤᠨ | ᠤᠷᠳᠤᠨ ᠤᠳᠤᠷᠢᠳᠤᠨ ᠳᠠᠭᠠᠭᠤᠯᠵᠦ ᠭᠢᠨᠠᠨ ᠰᠢᠯᠭᠠᠬᠤ ᠠᠭᠤᠯᠭ᠎ᠠ ᠶᠢᠨ ᠲᠠᠯ᠎ᠠ ᠳᠤ ᠭᠤᠤᠯᠳᠠᠯᠭ᠎ᠠ ᠶᠢ ᠨᠠᠩ | ᠲᠤᠪᠤᠶᠢᠯᠭᠠᠨ ᠭᠢᠨᠠᠨ ᠰᠢᠯᠭᠠᠬᠤ ᠠᠷᠭ᠎ᠠ ᠭᠡᠯᠪᠠᠷᠢ ᠶᠢᠨ ᠲᠠᠯ᠎ᠠ ᠳᠤ ᠶᠠᠪᠤᠴᠠ ᠬᠠᠮᠢᠶᠠᠷᠤᠯᠳᠠ ᠶᠢ ᠨᠠᠩ ᠲᠤᠪᠤᠶᠢᠯᠭᠠᠵᠦ | ᠲᠤᠰ ᠤᠳᠠᠭᠠᠨ ᠤ ᠵᠢᠯ ᠤᠨ ᠭᠢᠨᠠᠨ ᠰᠢᠯᠭᠠᠯᠳᠠ ᠶᠢᠨ ᠠᠵᠢᠯ ᠢ ᠨᠠᠷᠢᠨ ᠬᠢᠨᠠᠮᠠᠭᠠᠢ ᠲᠥᠷᠢᠮᠵᠢᠯ ᠲᠠᠢ ᠡᠮᠭᠢ ᠴᠡᠭᠴᠡᠲᠡᠢ | ᠰᠠᠶᠢᠨ ᠭᠢᠭᠦ ᠭᠡᠷᠡᠭᠳᠠᠢ ᠭᠡᠵᠡᠢ᠃ | | | | | | | ᠡᠷᠳᠡᠨᠢᠪᠢᠯᠢᠭ 2018 ᠤᠨ ᠤ ᠬᠤᠰᠢᠭᠤ ᠤᠳᠤᠷᠢᠳᠬᠤ ᠪᠠᠭ ᠤᠨ ᠠᠵᠢᠯ ᠳᠤ ᠬᠠᠷᠢᠭᠤ ᠮᠡᠳᠡᠭᠦᠯᠥᠯᠳᠠ | ᠭᠢᠵᠤ ᠵᠢᠭᠠᠬᠤ ᠳᠤ ᠪᠠᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠡᠷᠡᠰ ᠴᠢᠩᠭ᠎ᠠ | ᠤᠳᠤᠷᠢᠳᠤᠯᠭ᠎ᠠ ᠲᠤᠤᠷ᠎ᠠ ᠥᠩᠭᠡᠷᠡᠭᠰᠠᠨ ᠬᠤᠭᠤᠴᠠᠭᠠᠨ ᠤ ᠤᠳᠤᠷᠢᠳᠤᠯᠭ᠎ᠠ ᠨᠠᠷ ᠤᠨ ᠲᠠᠯᠪᠢᠭᠰᠠᠨ ᠰᠠᠶᠢᠨ ᠰᠠᠭᠤᠷᠢᠨ | ᠲᠡᠭᠡᠷ᠎ᠡ ᠮᠠᠨ ᠤ ᠬᠤᠰᠢᠭᠤᠨ ᠤ ᠤᠳᠤᠷᠢᠳᠬᠤ ᠪᠠᠭ ᠨᠢ ᠪᠥᠭᠦ ᠬᠤᠰᠢᠭᠤᠨ ᠤ ᠺᠠᠳ᠋ᠷ ᠤᠯᠠᠨ ᠲᠥᠮᠡᠨ ᠢ | ᠪᠥᠯᠭᠦᠮᠳᠠᠭᠦᠯᠤᠨ ᠲᠠᠭᠠᠭᠤᠯᠵᠤ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ | ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠨᠠᠮ ᠤᠨ ᠠᠷᠪᠡ ᠶᠢᠰᠤᠳᠤᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠭᠥᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠲᠡᠭᠡᠳᠤ ᠱᠠᠳᠤᠨ ᠤ ᠨᠠᠮ ᠤᠨ | ᠬᠤᠷᠢᠶ᠎ᠠ ᠵᠠᠰᠠᠭ ᠤᠨ ᠤᠷᠳᠤᠨ ᠤ ᠡᠯ᠎ᠠ ᠲᠥᠷᠥᠯ ᠤᠨ ᠰᠶᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠥᠭᠦ | ᠲᠠᠯ᠎ᠠ ᠪᠠᠷ ᠨᠠᠶᠢᠳᠠᠪᠤᠷᠢᠵᠢᠭᠤᠯᠤᠨ ᠴᠢᠨᠠᠷ ᠰᠠᠶᠢᠳᠠᠢ ᠭᠥᠭᠵᠢᠯᠳᠠ ᠶᠢᠨ ᠱᠠᠭᠠᠷᠳᠠᠯᠭ᠎ᠠ ᠶᠢᠨ ᠲᠤᠭᠤᠷᠢᠨ ᠳᠤ ᠴᠢᠭᠯᠡᠯ ᠢ | ᠠᠳᠬᠤᠵᠦ ᠥᠵᠠᠯ ᠰᠠᠨᠠᠭ᠎ᠠ ᠪᠠᠨ ᠰᠢᠨᠡᠳᠭᠡᠨ ᠰᠶᠢᠳᠪᠤᠷᠢᠲᠤ ᠪᠤᠳᠤᠯᠭ᠎ᠠ ᠭᠠᠷᠭᠠᠵᠦ ᠨᠠᠶᠢᠳᠠᠪᠤᠷᠢᠵᠢᠭᠤᠯᠤᠯᠳᠠ ᠶᠢ | ᠠᠳᠬᠤᠨ ᠭᠥᠴᠢᠷ ᠢ ᠢᠯᠠᠬᠤ ᠲᠤᠮᠳᠠ ᠴᠢᠷᠮᠠᠶᠢᠨ ᠤᠷᠤᠭᠰᠢᠯᠠᠵᠤ ᠠᠵᠠ ᠲᠤᠭᠢᠶᠠᠯ ᠢ ᠠᠳᠬᠤᠬᠤ ᠲᠤᠮᠳᠠ ᠲᠥᠷᠭᠡᠨ | ᠲᠠᠪᠰᠢᠨ ᠨᠠᠮ ᠢ ᠴᠢᠩᠭ᠎ᠠ ᠬᠠᠮᠢᠶᠠᠷᠬᠤ ᠲᠤᠮᠳᠠ ᠰᠠᠳᠭᠢᠯ ᠢᠶᠠᠨ ᠨᠢᠭᠡᠳᠬᠡᠵᠦ ᠭᠥᠴᠤᠨ ᠢᠶᠠᠨ ᠬᠠᠮᠳᠤᠳᠬᠠᠨ ᠪᠥᠭᠦ | ᠬᠤᠰᠢᠭᠤᠨ ᠤ ᠡᠯ᠎ᠠ ᠲᠥᠷᠥᠯ ᠤᠨ ᠠᠵᠢᠯ ᠥᠢᠯᠡᠰ ᠢ ᠰᠢᠨ᠎ᠠ ᠠᠭᠢᠴᠠ ᠰᠢᠨ᠎ᠠ ᠥᠷ᠎ᠠ ᠪᠥᠳᠥᠮᠵᠢ ᠲᠠᠢ ᠪᠤᠯᠭᠠᠭᠰᠠᠨ | ᠪᠠᠶᠢᠨ᠎ᠠ᠃ ᠬᠤᠵᠢᠮ ᠮᠠᠨ ᠤ ᠬᠤᠰᠢᠭᠤ ᠵᠤᠷᠢᠭᠳᠠᠢ ᠡᠭᠦᠷᠭᠡᠯᠠᠨ ᠯᠠᠪᠳᠠᠭᠤᠨ ᠪᠠᠳᠤᠳᠠᠢ ᠠᠵᠢᠯᠯᠠᠭᠰᠠᠨ ᠰᠠᠶᠢᠨ | ᠰᠠᠶᠢᠬᠠᠨ ᠠᠭᠤᠷ ᠠᠮᠢᠰᠬᠤᠯ ᠢ ᠪᠥᠷᠢᠯᠳᠤᠭᠦᠯᠵᠤ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ | ᠥᠷᠭᠦᠯᠵᠢᠯᠠᠨ ᠰᠠᠶᠢᠨ ᠭᠢᠵᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢ ᠴᠢᠩᠭ᠎ᠠ ᠠᠳᠬᠤᠨ ᠠᠵᠤ | ᠥᠢᠯᠡᠰ ᠤᠨ ᠬᠦᠭᠵᠢᠯᠲᠡ ᠶᠢᠨ ᠭᠡᠯᠪᠠᠷᠢ ᠪᠠᠨ ᠬᠤᠪᠢᠷᠠᠭᠤᠯᠤᠨ ᠲᠠᠰ ᠲᠠᠪᠰᠢᠭᠦ ᠶᠢ ᠠᠭᠢᠭᠤᠯᠵᠦ ᠥᠭᠡᠷᠡᠴᠢᠯᠠᠯᠳᠠ | ᠬᠢᠵᠦ ᠰᠢᠨ᠎ᠠ ᠶᠢ ᠡᠭᠦᠳᠴᠦ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠥᠭᠦ | ᠲᠠᠯ᠎ᠠ ᠪᠠᠷ ᠭᠡᠷᠡᠭᠵᠢᠭᠦᠯᠵᠦ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ ᠶᠢ ᠴᠢᠩᠭᠠᠳᠬᠠᠨ ᠠᠷᠠᠳ ᠤᠨ | ᠠᠮᠢᠳᠤᠷᠠᠯ ᠤᠨ ᠥᠢᠯᠡᠴᠢᠯᠡᠭᠡᠨ ᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ ᠲᠤᠭᠳᠠᠭᠤᠨ ᠢ ᠬᠠᠮᠠᠭᠠᠯᠠᠭᠰᠠᠨ ᠲᠥᠷᠢ | ᠪᠠᠶᠢᠳᠠᠯ ᠢ ᠡᠭᠦᠳᠤᠨ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠶᠢ ᠠᠭᠢᠭᠤᠯᠵᠦ ᠤᠷᠤᠭᠰᠢ ᠲᠠᠪᠰᠢᠬᠤ ᠤᠬᠠᠮᠰᠠᠷ᠂ | ᠭᠥᠭᠵᠢᠯᠳᠠ ᠶᠢᠨ ᠤᠬᠠᠮᠰᠠᠷ ᠢ ᠤᠯᠠᠮ ᠲᠡᠭᠡᠭᠰᠢᠯᠠᠭᠦᠯᠤᠨ ᠥᠵᠠᠯ ᠰᠠᠨᠠᠭ᠎ᠠ ᠪᠠᠨ ᠴᠢᠯᠤᠭᠡᠯᠡᠵᠦ ᠭᠥᠴᠢᠷ ᠢ ᠢᠯᠠᠨ | ᠲᠠᠪᠠᠵᠦ ᠵᠤᠷᠢᠭᠳᠠᠢ ᠡᠭᠦᠷᠭᠡᠯᠠᠨ ᠯᠠᠪᠳᠠᠭᠤᠨ ᠪᠠᠳᠤᠳᠠᠢ ᠠᠵᠢᠯᠯᠠᠵᠤ ᠪᠥᠭᠦ ᠬᠤᠳᠠ ᠶᠢᠨ ᠭᠥᠭᠵᠢᠯᠳᠠ ᠳᠤ ᠢᠳᠡᠪᠭᠢᠳᠠᠢ | ᠬᠤᠪᠢ ᠨᠠᠮᠠᠷᠢ ᠪᠠᠨ ᠡᠷᠭᠦᠨ᠎ᠠ ᠭᠡᠵᠡᠢ᠃ | ᠬᠤᠷᠠᠯ ᠲᠡᠭᠡᠷ᠎ᠡ᠂ ᠬᠤᠷᠠᠯ ᠳᠤ ᠤᠷᠤᠯᠴᠠᠭᠰᠠᠳ ᠠᠷᠠᠳᠴᠢᠯᠠᠯ ᠤᠨ ᠭᠢᠨᠠᠨ ᠥᠨᠠᠯᠠᠯᠳᠠ ᠭᠢᠪᠠ᠃ | | | |