ᠦᠪᠡᠷᠳᠡᠭᠡᠨ ᠵᠠᠰᠠᠬᠤ ᠣᠷᠣᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ  ᠤᠨ ᠳᠦᠷᠪᠡᠳᠦᠭᠡᠷ ᠬᠢᠨᠠᠨ ᠵᠢᠯᠣᠭᠤᠳᠬᠤ ᠳᠣᠭᠤᠶᠢᠯᠠᠩ ᠮᠠᠨ ᠤ ᠬᠤᠰᠢᠭᠤᠨ ᠤ ᠠᠵᠢᠯ ᠢ ᠬᠢᠨᠠᠨ ᠵᠢᠯᠣᠭᠤᠳᠬᠤ ᠳᠤ ᠬᠠᠷᠢᠭᠤ ᠮᠡᠳᠡᠬᠦᠯᠬᠦ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-01-02
     12 ᠰᠠᠷ᠎ᠠ ᠶᠢᠨ 27 ᠤ ᠡᠳᠦᠷ᠂ ᠦᠪᠡᠷᠳᠡᠭᠡᠨ ᠵᠠᠰᠠᠬᠤ ᠣᠷᠣᠨ ᠤ ᠬᠠᠷ᠎ᠠ ᠪᠦᠯᠦᠭᠳᠡᠨ ᠬᠠᠷᠬᠢᠰ ᠬᠦᠴᠦᠨ  ᠢ ᠠᠷᠢᠯᠭᠠᠬᠤ ᠳᠣᠰᠬᠠᠢ ᠳᠡᠮᠡᠴᠡᠯ ᠤᠨ ᠳᠦᠷᠪᠡᠳᠦᠭᠡᠷ ᠬᠢᠨᠠᠨ ᠵᠢᠯᠣᠭᠤᠳᠬᠤ ᠳᠣᠭᠤᠶᠢᠯᠠᠩ ᠮᠠᠨ ᠤ ᠬᠤᠰᠢᠭᠤᠨ ᠤ ᠠᠵᠢᠯ ᠢ ᠬᠢᠨᠠᠨ ᠵᠢᠯᠣᠭᠤᠳᠬᠤ ᠳᠤ ᠬᠠᠷᠢᠭᠤ ᠮᠡᠳᠡᠬᠦᠯᠬᠦ ᠬᠤᠷᠠᠯ ᠬᠤᠷᠠᠯᠳᠣᠭᠰᠠᠨ ᠪᠠᠶᠢᠨ᠎ᠠ᠃ ᠦᠪᠡᠷᠳᠡᠭᠡᠨ ᠵᠠᠰᠠᠬᠤ ᠣᠷᠣᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠬᠦᠨ᠂ ᠦᠪᠡᠷᠳᠡᠭᠡᠨ ᠵᠠᠰᠠᠬᠤ ᠣᠷᠣᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠳᠦᠷᠪᠡᠳᠦᠭᠡᠷ ᠬᠢᠨᠠᠨ ᠵᠢᠯᠣᠭᠤᠳᠬᠤ ᠳᠣᠭᠤᠶᠢᠯᠠᠩ ᠤᠨ ᠳᠠᠷᠤᠭ᠎ᠠ ᠲᠣᠣ ᠵᠢᠶᠠᠨ ᠬᠤᠷᠠᠯ ᠳᠤ ᠣᠷᠣᠯᠴᠠᠵᠦ ᠶᠠᠷᠢᠶ᠎ᠠ ᠳᠠᠯᠪᠢᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠮᠠᠨ ᠤ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠠᠵᠢᠯ ᠤᠨ ᠮᠡᠳᠡᠬᠦᠯᠦᠯᠲᠡ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠤ᠋ ᠠᠴᠠ ᠬᠤᠷᠠᠯ ᠡᠷᠬᠢᠯᠡᠵᠦ ᠳᠣᠰ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠲᠤᠭᠤᠰᠢᠯᠠᠭᠤᠯᠬᠤ ᠠᠵᠢᠯ ᠳᠤ ᠪᠠᠶᠢᠷᠢᠯᠠᠭᠤᠯᠣᠯᠲᠠ ᠬᠢᠪᠡ ᠃ ᠦᠪᠡᠷᠳᠡᠭᠡᠨ ᠵᠠᠰᠠᠬᠤ ᠣᠷᠣᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠳᠦᠷᠪᠡᠳᠦᠭᠡᠷ ᠬᠢᠨᠠᠨ ᠵᠢᠯᠣᠭᠤᠳᠬᠤ ᠳᠣᠭᠤᠶᠢᠯᠠᠩ ᠤᠨ ᠬᠡᠰᠢᠬᠦᠨ᠂ ᠬᠤᠰᠢᠭᠤ ᠤᠳᠤᠷᠢᠳᠤᠯᠭ᠎ᠠ ᠰᠣᠷᠭᠠᠯᠲᠣ᠂ ᠯᠠᠨ ᠲᠢᠶᠠᠨ᠂ ᠹᠧᠩ ᡁᠢ ᠮᠢᠩ᠂ ᠭᠤᠣ ᠬᠣ᠋᠂ ᠸᠠᠩ ᠭᠠᠩ᠂ ᠰᠦᠨ ᠰᠢᠶᠣᠣ ᠴᠢᠶᠠᠩ ᠬᠤᠷᠠᠯ ᠳᠤ ᠣᠷᠣᠯᠴᠠᠵᠣ ᠡᠯ᠎ᠡ ᠰᠣᠮᠣ ᠪᠠᠯᠭᠠᠰᠣ ᠵᠢᠴᠢ ᠬᠤᠰᠢᠭᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠣᠳᠣᠷᠢᠳᠬᠤ ᠳᠣᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠡᠷᠳᠡᠨᠢᠪᠢᠯᠢᠭ ᠢᠯᠡᠷᠬᠡᠶᠢᠯᠡᠬᠦ ᠳᠡᠭᠡᠨ᠂ ᠡᠨᠡ ᠵᠢᠯ ᠮᠠᠨ ᠤ ᠬᠤᠰᠢᠭᠤ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠡᠯ᠎ᠡ ᠳᠦᠷᠦᠯ ᠤᠨ ᠳᠦᠷᠦ ᠶᠢᠨ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠢ ᠴᠢᠬᠤᠯᠠ ᠣᠯᠣᠰ ᠳᠦᠷᠦ ᠶᠢᠨ ᠡᠬᠦᠷᠭᠡ ᠪᠤᠯᠭᠠᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠢ ᠬᠦᠴᠦᠲᠡᠢ ᠠᠬᠢᠭᠤᠯᠣᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠳᠣᠰ ᠣᠳᠠᠭᠠᠨ ᠤ ᠬᠢᠨᠠᠨ ᠵᠢᠯᠣᠭᠤᠳᠣᠯᠭ᠎ᠠ ᠶᠢ ᠳᠣᠬᠢᠶᠠᠯᠳᠣᠭᠤᠯᠣᠨ ᠳᠡᠭᠡᠷ᠎ᠡ ᠱᠠᠳᠣᠨ ᠤ ᠪᠠᠶᠢᠷᠢᠯᠠᠭᠤᠯᠣᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ ᠬᠢᠨᠠᠨ ᠵᠢᠯᠣᠭᠤᠳᠬᠤ ᠳᠣᠭᠤᠶᠢᠯᠠᠩ ᠠᠴᠠ ᠳᠣᠰᠬᠠᠭᠰᠠᠨ ᠰᠠᠨᠠᠯ ᠰᠠᠨᠠᠭᠤᠯᠭ᠎ᠠ ᠶᠣᠰᠣᠭᠠᠷ ᠴᠡᠭᠴᠡᠯᠡᠯᠳᠡ ᠬᠢᠵᠦ ᠦᠦᠰᠢᠨ ᠬᠤᠰᠢᠭᠤᠨ ᠤ ᠴᠢᠨᠠᠷ ᠰᠠᠶᠢᠳᠠᠢ ᠬᠦᠭᠵᠢᠯᠲᠡ ᠶᠢ ᠪᠡᠶᠡᠯᠡᠬᠦᠯᠬᠦ ᠳᠤ ᠡᠶ᠎ᠡ ᠨᠠᠶᠢᠷᠠᠮᠳᠠᠭᠤ ᠠᠮᠣᠷ ᠳᠣᠭᠳᠠᠭᠤᠨ ᠣᠷᠴᠢᠨ ᠳᠣᠭᠤᠷᠢᠨ ᠪᠦᠷᠢᠯᠳᠦᠬᠦᠯᠬᠦ ᠶᠢ ᠪᠠᠳᠣᠯᠠᠨ᠎ᠠ ᠬᠡᠪᠡ᠃      ᠲᠣᠣ ᠵᠢᠶᠠᠨ ᠮᠠᠨ ᠤ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ  ᠢ ᠦᠨᠡᠯᠡᠬᠦ ᠶᠢᠨ ᠬᠠᠮᠲᠣ ᠵᠢᠭᠠᠬᠤ ᠳᠠᠭᠠᠨ᠂ ᠦᠦᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ ᠱᠦᠵᠢ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠣᠯᠠᠮ ᠨᠢᠬᠡ ᠠᠯᠬᠤᠮ ᠰᠣᠷᠣᠯᠴᠠᠨ ᠲᠤᠭᠤᠰᠢᠯᠠᠭᠤᠯᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠢ ᠦᠷᠨᠢᠬᠦᠯᠬᠦ ᠪᠠ ᠳᠣᠰᠬᠠᠢ ᠰᠡᠳᠣᠪᠲᠣ ᠵᠢᠭᠠᠨ ᠵᠢᠯᠣᠭᠤᠳᠣᠯᠭ᠎ᠠ ᠶᠢᠨ ᠴᠢᠬᠤᠯᠠ ᠠᠴᠢ ᠬᠤᠯᠪᠣᠭᠳᠠᠯ ᠢ ᠬᠦᠢᠴᠡᠳ ᠳᠠᠨᠢᠨ ᠪᠦᠬᠦ ᠣᠯᠣᠰ᠂ ᠦᠪᠡᠷᠳᠡᠬᠡᠨ ᠵᠠᠰᠠᠬᠤ ᠣᠷᠣᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠪᠠᠶᠢᠷᠢᠯᠠᠭᠤᠯᠤᠯᠲᠠ ᠶᠣᠰᠣᠭᠠᠷ ᠬᠢᠨᠠᠨ ᠵᠢᠯᠣᠭᠤᠳᠣᠯᠭ᠎ᠠ ᠪᠠᠷ ᠣᠯᠣᠰ ᠳᠦᠷᠦ ᠶᠢᠨ ᠡᠬᠦᠷᠭᠡ ᠬᠠᠷᠢᠭᠤᠴᠠᠯᠭ᠎ᠠ ᠪᠠᠨ ᠪᠠᠳᠣᠵᠢᠭᠤᠯᠵᠦ ᠠᠰᠠᠭᠤᠳᠠᠯ ᠢ ᠵᠠᠳᠠᠯᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠨᠡᠩ ᠶᠡᠭᠡ ᠪᠣᠳᠠᠳᠣ ᠪᠦᠲᠦᠮᠵᠢ ᠶᠢ ᠣᠯᠬᠤ ᠬᠡᠷᠡᠭᠲᠡᠢ ᠬᠡᠪᠡ᠃      ᠳᠣᠣ ᠵᠢᠶᠠᠨ ᠴᠢᠬᠤᠯᠠᠴᠢᠯᠠᠬᠤ ᠳᠠᠭᠠᠨ᠂ ᠬᠠᠣᠯᠢ ᠶᠣᠰᠣᠭᠠᠷ ᠴᠣᠬᠢᠯᠳᠠ ᠦᠭᠬᠦ ᠬᠦᠴᠦᠯᠡᠴᠡ ᠪᠠᠨ ᠴᠢᠩᠭᠠᠳᠬᠠᠵᠣ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠢ ᠱᠠᠳᠣ ᠱᠠᠳᠣ ᠪᠠᠷ ᠬᠦᠭᠵᠢᠬᠦᠯᠵᠦ ᠪᠦᠬᠦ ᠳᠠᠯ᠎ᠠ ᠶᠢᠨ ᠵᠣᠷᠢᠭ ᠰᠠᠨᠠᠭ᠎ᠠ ᠪᠠ ᠰᠠᠯᠠᠭ᠎ᠠ ᠮᠦᠴᠢᠷ ᠤᠨ ᠬᠠᠮᠳᠣᠷᠠᠯᠴᠠᠭ᠎ᠠ ᠶᠢ ᠴᠢᠩᠭᠠᠳᠬᠠᠬᠤ ᠬᠡᠷᠡᠭᠲᠡᠢ᠃ ᠣᠬᠠᠭᠤᠯᠭ᠎ᠠ ᠶᠢ ᠴᠢᠩᠭᠠᠳᠬᠠᠵᠦ ᠣᠯᠠᠨ ᠲᠦᠮᠡᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠢ ᠣᠶᠢᠯᠠᠭᠠᠬᠤ ᠨᠤᠷᠮ᠎ᠠ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠳᠤ ᠣᠷᠣᠯᠴᠠᠵᠦ ᠨᠣᠷᠮ᠎ᠠ ᠶᠢ ᠳᠡᠭᠡᠭᠰᠢᠯᠡᠬᠦᠯᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠢᠯᠭᠤᠮ ᠠᠮᠵᠢᠯᠳᠠ ᠣᠯᠬᠤ ᠶᠢ ᠪᠠᠲᠤᠯᠠᠬᠤ ᠬᠡᠷᠡᠭᠲᠡᠢ ᠬᠡᠪᠡ᠃      ᠵᠣᠣ ᠹᠧᠢ ᠯᠣ᠋ ᠱᠠᠭᠠᠷᠳᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠣᠯᠣᠰ ᠳᠦᠷᠦ ᠶᠢᠨ ᠵᠣᠭᠰᠣᠴᠡ ᠪᠠᠨ ᠳᠡᠭᠡᠭᠰᠢᠯᠡᠬᠦᠯᠵᠦ ᠡᠬᠦᠷᠭᠡ ᠬᠠᠷᠢᠭᠤᠴᠠᠯᠭ᠎ᠠ ᠪᠠᠨ ᠪᠠᠳᠣᠵᠢᠭᠤᠯᠤᠨ ᠬᠢᠨᠠᠨ ᠵᠢᠯᠣᠭᠤᠳᠬᠤ ᠳᠣᠭᠤᠶᠢᠯᠠᠩ ᠠᠴᠠ ᠳᠣᠰᠬᠠᠭᠰᠠᠨ ᠰᠠᠨᠠᠯ ᠰᠠᠨᠠᠭᠤᠯᠭ᠎ᠠ ᠶᠣᠰᠣᠭᠠᠷ ᠴᠡᠭᠴᠡᠯᠡᠯᠳᠡ ᠬᠢᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠰᠢᠪᠳᠣᠯᠣᠯᠲᠠ ᠶᠢᠨ ᠳᠠᠶᠢᠨ ᠤ ᠢᠯᠡᠯᠳᠡ ᠶᠢ ᠣᠯᠵᠦ ᠰᠢᠯᠢᠳᠡᠭ ᠪᠦᠲᠦᠮᠵᠢ ᠪᠠᠷ ᠨᠠᠮ ᠪᠠ ᠠᠷᠠᠳ ᠳᠦᠮᠡᠨ ᠳᠤ ᠬᠠᠨᠣᠮᠵᠢᠳᠠᠢ ᠬᠠᠷᠢᠭᠤᠯᠳᠠ ᠦᠭᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号