1 ᠰᠠᠷ᠎ᠠ ᠶᠢᠨ 17 ᠤ ᠡᠳᠦᠷ ᠬᠤᠰᠢᠭᠤ ᠨᠠᠮ ᠤᠨ ᠬᠤᠷᠢᠶᠠᠨ ᠤ ᠱᠥᠵᠢ ᠡᠷᠳᠠᠨᠢᠪᠢᠯᠢᠭ᠌ ᠬᠤᠰᠢᠭᠤ ᠨᠠᠮ ᠤᠨ | ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠠᠨ | ᠬᠤᠷᠠᠯᠳᠤᠭᠤᠯᠤᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ | ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ | ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠵᠡᠪᠰᠡᠭᠳᠤ ᠭᠥᠴᠤᠨ ᠤ ᠭᠡᠯᠳᠡᠰ ᠤᠨ ᠤᠯᠤᠰ ᠲᠥᠷᠥ ᠶᠢᠨ | ᠭᠡᠰᠢᠭᠦᠨ ᠵᠠᠩ ᠱᠤ᠋ ᠰᠢᠥᠸᠠᠨ ᠬᠤᠷᠠᠯ ᠳᠤ ᠤᠷᠤᠯᠴᠠᠪᠠ᠃ | ᠬᠤᠷᠠᠯ ᠳᠤ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠨᠴᠠᠭᠠᠶᠢᠯᠠᠨ | ᠤᠷᠢᠵᠤ ︽ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ | ᠤᠨ ᠥᠵᠠᠯ ᠰᠠᠨᠠᠭ᠎ᠠ ᠶᠢᠨ ᠲᠤᠬᠠᠢ ᠭᠤᠴᠢᠨ ᠲᠠᠶᠢᠯᠤᠮᠵᠢ ︵ᠭᠤᠷᠪᠠᠳᠣᠭᠠᠷ ᠳᠠᠶᠢᠯᠣᠮᠵᠢ︶︾ ᠳᠤ ᠲᠤᠰᠬᠠᠢ | ᠰᠡᠳᠤᠪᠳᠤ ᠵᠢᠯᠤᠭᠤᠳᠤᠯᠭ᠎ᠠ ᠭᠢᠯᠭᠡᠭᠰᠠᠨ ᠪᠠᠶᠢᠨ᠎ᠠ᠃ ᠰᠤᠷᠤᠯᠴᠠᠯᠭ᠎ᠠ ᠪᠠᠷ ᠲᠠᠮᠵᠢᠭᠠᠳ ᠰᠢ ᠶᠢᠨ ᠫᠢᠩ ᠤᠨ ᠰᠢᠨ᠎ᠠ | ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠶᠢᠨ | ᠵᠢᠯᠤᠭᠤᠳᠬᠤ ᠪᠠᠶᠢᠷᠢ ᠰᠠᠭᠤᠷᠢ᠂ ᠭᠤᠤᠯ ᠠᠭᠤᠯᠭ᠎ᠠ ᠵᠡᠷᠭᠡ ᠳᠤ ᠨᠠᠩ ᠭᠥᠨᠵᠡᠭᠡᠢ ᠣᠶᠢᠯᠠᠭᠠᠯᠳᠠ ᠲᠠᠨᠢᠯᠳᠠ ᠲᠠᠢ | ᠪᠤᠯᠤᠭᠰᠠᠨ ᠪᠠᠶᠢᠨ᠎ᠠ᠃ ᠬᠠᠮᠳᠤ ᠶᠢᠨ ᠰᠤᠷᠤᠯᠴᠠᠯᠭ᠎ᠠ ᠶᠢᠨ ᠲᠠᠷᠠᠭ᠎ᠠ ᠬᠤᠰᠢᠭᠤ ᠨᠠᠮ ᠤᠨ ᠬᠤᠷᠢᠶᠠᠨ ᠤ ᠡᠯ᠎ᠠ | ᠪᠠᠶᠢᠩᠭᠤ ᠶᠢᠨ ᠭᠡᠰᠢᠭᠦᠳ ᠠᠴᠠ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ | ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ᠂ ᠰᠢᠨ᠎ᠠ ᠭᠥᠭᠵᠢᠯᠳᠠ | ᠶᠢᠨ ᠤᠨᠤᠯᠵᠢᠭᠤᠨ᠂ ᠨᠠᠮ ᠤᠨ ᠴᠢᠭᠯᠡᠯᠳᠠ ᠲᠥᠷᠥ ᠶᠢᠨ ᠪᠤᠳᠤᠯᠭ᠎ᠠ ᠵᠡᠷᠭᠡ ᠠᠭᠤᠯᠭ᠎ᠠ ᠶᠢᠨ ᠳᠠᠯ᠎ᠠ ᠪᠠᠷ ᠰᠣᠳᠣᠯᠣᠨ | ᠶᠠᠷᠢᠯᠴᠠᠵᠣ᠂ ᠥᠪᠠᠷ ᠥᠪᠠᠷ ᠤᠨ ᠢᠶᠠᠨ ᠲᠠᠨᠢᠯᠳᠠ ᠣᠶᠢᠯᠠᠭᠠᠯᠳᠠ ᠪᠠᠨ ᠶᠠᠷᠢᠭᠰᠠᠨ ᠪᠠᠶᠢᠨ᠎ᠠ᠃ ᠰᠤᠳᠤᠯᠤᠨ | ᠶᠠᠷᠢᠯᠴᠠᠭᠰᠠᠨ ᠤ ᠲᠠᠷᠠᠭ᠎ᠠ ᠡᠷᠳᠡᠨᠢᠪᠢᠯᠢᠭ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠨ ᠭᠢᠭᠦ ᠲᠤᠬᠠᠢ | ᠴᠢᠬᠤᠯᠠᠴᠢᠯᠠᠬᠤ ᠳᠤ ᠪᠠᠨ ᠤᠨᠤᠯ ᠢᠶᠠᠷ ᠲᠠᠷᠢᠭᠢ ᠲᠤᠯᠤᠭᠠᠢ ᠪᠠᠨ ᠵᠡᠪᠰᠡᠭᠯᠡᠭᠦ ᠶᠢ ᠠᠭᠢᠭᠤᠯᠬᠤ ᠬᠡᠷᠡᠭᠳᠡᠢ᠃ ᠰᠢ ᠶᠢᠨ | ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ | ᠶᠢ ᠭᠥᠨᠵᠡᠭᠡᠢ ᠰᠤᠷᠤᠯᠴᠠᠨ ᠳᠣᠭᠤᠰᠢᠯᠠᠭᠤᠯᠵᠣ ︽ᠲᠥᠷᠪᠡᠨ ᠤᠬᠠᠮᠰᠠᠷ︾ ᠢ ᠪᠠᠳᠤ ᠪᠠᠭᠢ ᠪᠤᠢ ᠪᠤᠯᠭᠠᠨ ︽ | ᠲᠥᠷᠪᠡᠨ ᠢᠳᠡᠭᠡᠯ︾ ᠢ ᠪᠠᠳᠤᠳᠬᠠᠨ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠵᠤ᠂ ᠪᠥᠭᠦ ᠬᠤᠰᠢᠭᠤᠨ ᠤ ᠠᠵᠢᠯ | ᠢ ᠵᠥᠪ ᠴᠢᠭᠯᠡᠯ ᠢᠶᠠᠷ ᠠᠬᠢᠭᠤᠯᠬᠤ ᠭᠡᠷᠡᠭᠳᠠᠢ᠃ ᠠᠰᠠᠭᠤᠳᠠᠯ ᠢ ᠡᠷᠢᠨ ᠭᠠᠷᠭᠠᠵᠤ ᠴᠡᠭᠴᠡᠯᠠᠨ ᠰᠠᠶᠢᠵᠢᠷᠠᠭᠤᠯᠬᠤ | ᠭᠡᠷᠡᠭᠳᠠᠢ᠃ ᠤᠯᠠᠨ ᠠᠷᠭ᠎ᠠ ᠵᠠᠮ ᠤᠯᠠᠨ ᠲᠠᠰ ᠲᠠᠪᠬᠤᠷᠭ᠎ᠠ ᠠᠴᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ | ᠂ ᠠᠰᠠᠭᠤᠳᠠᠯ ᠤᠨ ᠤᠳᠤᠷᠢᠳᠤᠮᠵᠢ ᠶᠢ ᠪᠠᠳᠣᠳᠬᠠᠵᠤ ᠰᠤᠷᠤᠯᠴᠠᠬᠤ᠂ ᠠᠰᠠᠭᠤᠳᠠᠯ ᠢ ᠡᠷᠢᠬᠦ᠂ ᠴᠡᠭᠴᠡᠯᠠᠨ | ᠰᠠᠶᠢᠵᠢᠷᠠᠭᠤᠯᠬᠤ ᠶᠢ ᠬᠠᠮᠳᠤ ᠳᠤᠨᠢ ᠪᠠᠶᠠᠯᠠᠭᠦᠯᠭᠦ ᠭᠡᠷᠡᠭᠳᠠᠢ᠃ ᠨᠠᠮ ᠤᠨ ᠲᠤᠳᠤᠭᠠᠳᠤ ᠳᠠᠬᠢ ᠤᠯᠤᠰ ᠲᠥᠷᠥ ᠶᠢᠨ | ᠠᠮᠢᠳᠤᠷᠠᠯ ᠢ ᠴᠢᠩᠭᠠᠳᠬᠠᠨ ᠬᠤᠯᠪᠤᠭᠳᠠᠯ ᠪᠥᠭᠦᠢ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠪᠠᠯᠡᠳᠭᠡᠯ ᠠᠵᠢᠯ ᠢ ᠰᠠᠶᠢᠨ ᠭᠢᠵᠤ ᠡᠮᠭᠢ ᠴᠡᠭᠴᠠ ᠲᠠᠢ ᠠᠭᠢᠭᠤᠯᠬᠤ ᠭᠡᠷᠡᠭᠳᠠᠢ᠃ | ᠪᠤᠳᠠᠳᠠᠢ ᠲᠠᠢ ᠨᠢᠭᠳᠠ ᠬᠠᠷᠢᠯᠴᠠᠬᠤ ᠭᠡᠷᠡᠭᠳᠠᠢ᠃ ᠲᠥᠪ᠂ ᠥᠪᠡᠷᠳᠡᠭᠡᠨ ᠵᠠᠰᠠᠬᠤ ᠤᠷᠤᠨ᠂ ᠬᠤᠳᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ ᠰᠢᠷᠭᠠᠭᠤ ᠬᠠᠳᠠᠭᠤᠵᠢᠯᠳᠠᠢ | ᠠᠵᠢᠯᠯᠠᠨ ᠨᠠᠮ ᠤᠨ ᠲᠥᠪ ᠬᠤᠷᠢᠶᠠᠨ ᠤ ᠰᠶᠢᠳᠪᠤᠷᠢᠳᠤ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ | ᠭᠡᠷᠡᠭᠳᠠᠢ᠃ ᠳᠡᠬᠡᠷ᠎ᠡ ᠵᠢᠯ ᠤᠨ ᠰᠠᠭᠦᠯᠴᠢ ᠡᠨᠡ ᠵᠢᠯ ᠤᠨ ᠡᠭᠢᠨ ᠤ ᠡᠯ᠎ᠠ ᠲᠥᠷᠥᠯ ᠤᠨ ᠠᠵᠢᠯ ᠢ ᠨᠢᠭᠡᠳᠤᠯᠳᠠᠢ | ᠲᠥᠯᠥᠪᠵᠢᠭᠦᠯᠤᠨ ᠠᠭᠢᠭᠤᠯᠵᠤ᠂ ᠵᠢᠯ ᠤᠨ ᠡᠭᠢᠨ ᠤ ᠠᠵᠢᠯ ᠤᠨ ᠰᠠᠳᠭᠢᠴᠠ ᠲᠤᠳᠤᠷᠬᠠᠢ᠂ ᠠᠵᠢᠯ ᠤᠨ ᠡᠭᠦᠷᠭᠡ ᠶᠢ | ᠠᠮᠵᠢᠯᠳᠠ ᠲᠠᠢ ᠪᠠᠶᠠᠯᠡᠬᠦᠯᠵᠣ ᠰᠢᠯᠢᠳᠡᠭ ᠭᠡᠷᠢ ᠪᠥᠳᠥᠮᠵᠢ ᠪᠠᠷ ᠢᠶᠠᠨ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ | 70 ᠵᠢᠯ ᠤᠨ ᠤᠢ ᠶᠢ ᠤᠭᠳᠤᠬᠤ ᠭᠡᠷᠡᠭᠳᠠᠢ ᠭᠡᠵᠡᠢ᠃ | ᠬᠤᠷᠠᠯ ᠲᠡᠭᠡᠷ᠎ᠡ ᠡᠷᠳᠡᠨᠢᠪᠢᠯᠢᠭ ᠪᠥᠭᠦ ᠬᠤᠳᠠ ᠶᠢᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ | ᠠᠵᠢᠯ ᠤᠨ ᠠᠭᠢᠭᠤᠯᠤᠯᠤᠳᠠ ᠶᠢᠨ ᠬᠤᠷᠠᠯ ᠤᠨ ᠵᠤᠷᠢᠭ ᠰᠨᠠᠭ᠎ᠠ ᠶᠢ ᠤᠯᠠᠮᠵᠢᠯᠠᠬᠤ ᠶᠢᠨ ᠬᠠᠮᠳᠤ ᠴᠢᠬᠤᠯᠠᠴᠢᠯᠠᠬᠤ ᠳᠤ | ᠪᠠᠨ ᠡᠯ᠎ᠠ ᠱᠠᠳᠤ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠵᠣ ᠲᠠᠪᠤᠨ | ᠱᠠᠳᠣᠨ ᠤ ᠱᠥᠵᠢ ᠨᠡᠷ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠠᠵᠢᠯ ᠢ ᠠᠳᠬᠤᠵᠣ᠂ ᠤᠷᠤᠨ | ᠨᠣᠳᠤᠭ ᠤᠨ ᠪᠣᠳᠠᠳᠣ ᠪᠠᠶᠢᠳᠠᠯ ᠳᠤ ᠲᠤᠭᠢᠷᠠᠭᠰᠠᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠲᠥᠰᠤᠯ ᠢ | ᠨᠠᠶᠢᠷᠠᠭᠤᠯᠵᠤ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠠᠵᠢᠯ ᠤᠨ ᠭᠤᠣᠯᠳᠠᠯᠭᠠᠳᠣ ᠲᠥᠷᠥᠯ ᠵᠥᠢᠯ | ᠤᠨ ᠭᠥᠮᠤᠷᠭᠡ ᠶᠢᠨ ᠪᠥᠳᠥᠭᠡᠨ ᠪᠠᠶᠢᠭᠤᠯᠤᠯᠳᠠ ᠶᠢ ᠰᠠᠶᠢᠨ ᠭᠢᠵᠤ᠂ ᠭᠥᠳᠡᠭᠡ ᠲᠤᠰᠬᠤᠨ ᠢ ᠭᠥᠭᠵᠢᠭᠦᠯᠤᠨ | ᠮᠠᠨᠳᠤᠭᠤᠯᠬᠤ ᠲᠥᠷᠥ ᠶᠢᠨ ᠪᠤᠳᠤᠯᠭ᠎ᠠ ᠶᠢ ᠪᠤᠳᠠᠳᠠᠢ ᠳᠤ ᠨᠠᠶᠢᠳᠠᠪᠣᠷᠢᠵᠢᠭᠤᠯᠬᠤ ᠭᠡᠷᠡᠭᠳᠠᠢ ᠭᠡᠵᠡᠢ᠃ | |