| ᠸᠠᠩ ᠬᠤ᠋ ᠨᠢᠩ ᠬᠠᠨ ᠵᠧᠩ ᠤᠷᠤᠯᠴᠠᠪᠠ | ᠰᠢᠨᠬᠤᠸᠠ ᠬᠤᠷᠢᠶᠠᠨ ᠤ ᠮᠡᠳᠡᠭᠡᠯᠡᠭᠰᠡᠨ ᠢᠶᠠᠷ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ | ᠬᠤᠷᠠᠯ 15 ᠠᠴᠠ 16 ᠤ ᠡᠳᠦᠷ ᠪᠤᠯᠳᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ | ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ | ᠰᠢ ᠶᠢᠨ ᠫᠢᠩ ᠬᠤᠷᠠᠯ ᠳᠤ ᠤᠷᠤᠯᠴᠠᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠠ ᠴᠠᠭ | ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ | ᠤᠳᠤᠷᠢᠳᠤᠯᠭ᠎ᠠ ᠶᠢ ᠪᠠᠷᠢᠮᠳᠠᠯᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ | ᠪᠠᠷᠢᠮᠳᠠᠯᠠᠵᠦ᠂ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠦ᠂ ᠤᠯᠤᠰ ᠲᠦᠷᠦ | ᠬᠠᠤᠯᠢ ᠴᠠᠭᠠᠵᠠ ᠶᠢᠨ ᠬᠦᠷᠢᠶᠡᠨ ᠳᠠᠬᠢ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ ᠲᠦᠷᠭᠡᠳᠭᠡᠨ | ᠠᠬᠢᠭᠤᠯᠵᠦ᠂ ᠤᠯᠤᠰ ᠲᠦᠷᠦ ᠬᠠᠤᠯᠢ ᠴᠠᠭᠠᠵᠠ ᠶᠢᠨ ᠡ᠊ᠩᠨᠡᠭᠡ ᠶᠢᠨ ᠬᠤᠪᠢᠰᠬᠠᠯᠵᠢᠭᠰᠠᠨ᠂ ᠵᠢᠩᠬᠢᠨᠢᠴᠢᠯᠡᠭᠰᠡᠨ᠂ | ᠲᠤᠰᠬᠠᠢᠢᠵᠢᠭᠰᠠᠨ᠂ ᠮᠡᠷᠭᠡᠰᠢᠭᠰᠡᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠦᠨᠡᠨᠴᠢ | ᠰᠢᠳᠤᠷᠭᠤ ᠪᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠦ᠂ ᠦᠭᠡᠷᠡᠴᠢᠯᠡᠯᠳᠡ ᠬᠢᠵᠦ ᠰᠢᠨ᠎ᠠ ᠶᠢ ᠡᠭᠦᠳᠬᠦ ᠪᠠᠷ ᠰᠡᠳᠬᠢᠯ ᠰᠢᠭᠤᠳᠤᠨ | ᠴᠢᠷᠮᠠᠶᠢᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ | ᠲᠤᠭᠳᠠᠭᠤᠨ ᠢ ᠪᠠᠳᠤᠯᠠᠬᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠬᠤ᠂ ᠠᠷᠠᠳ | ᠲᠦᠮᠡᠨ ᠤ ᠠᠮᠦᠷ ᠠᠮᠤᠭᠤᠯᠠᠩ ᠠᠵᠤ ᠲᠦᠷᠦᠬᠦ ᠶᠢ ᠪᠠᠳᠤᠯᠠᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ | ᠬᠦᠢᠴᠡᠳᠭᠡᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠦᠢᠯᠡᠰ ᠤᠨ ᠬᠦᠭᠵᠢᠯᠳᠠ ᠶᠢᠨ ᠰᠢᠨ᠎ᠠ | ᠬᠠᠭᠤᠳᠠᠰᠤ ᠶᠢ ᠳᠠᠰᠤᠷᠠᠯᠳᠠ ᠦᠭᠡᠢ ᠪᠢᠴᠢᠭᠯᠡᠬᠦ ᠭᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ | ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ | ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠬᠠᠨ | ᠵᠧᠩ ᠬᠤᠷᠠᠯ ᠳᠤ ᠤᠷᠤᠯᠴᠠᠵᠠᠢ᠃ | ᠰᠢ ᠶᠢᠨ ᠫᠢᠩ᠂ ᠨᠠᠮ ᠤᠨ ᠤᠯᠠᠨ ᠲᠦᠮᠡᠨᠴᠢ ᠱᠤᠭᠤᠮ ᠢ ᠰᠠᠶᠢᠳᠤᠷ ᠲᠤᠭᠤᠰᠢᠯᠠᠭᠤᠯᠵᠦ᠂ ᠠᠷᠠᠳ ᠤᠨ | ᠲᠦᠯᠦᠭᠡ ᠨᠡᠶᠢᠭᠡᠮ ᠤᠨ ᠵᠠᠰᠠᠯᠳᠠ ᠬᠢᠬᠦ ᠶᠢ ᠪᠠᠷᠢᠮᠳᠠᠯᠠᠵᠦ᠂ ᠨᠠᠮ ᠤᠨ ᠰᠢᠯᠢᠳᠡᠭ ᠤᠯᠠᠮᠵᠢᠯᠠᠯ ᠪᠠ ᠰᠢᠨ᠎ᠠ ᠮᠡᠷᠭᠡᠵᠢᠯ | ᠰᠢᠨ᠎ᠠ ᠠᠷᠭ᠎ᠠ ᠭᠡᠮᠵᠢᠶ᠎ᠠ ᠶᠢ ᠤᠶᠠᠯᠳᠤᠭᠤᠯᠬᠤ ᠳᠠᠭᠠᠨ ᠴᠢᠳᠠᠮᠠᠭᠠᠢ ᠪᠠᠶᠢᠵᠤ᠂ ᠤᠯᠠᠨ ᠲᠦᠮᠡᠨ ᠢ ᠵᠤᠬᠢᠶᠠᠨ | ᠪᠠᠶᠢᠭᠤᠯᠬᠤ᠂ ᠤᠯᠠᠨ ᠲᠦᠮᠡᠨ ᠢ ᠲᠠᠶᠢᠴᠢᠯᠠᠬᠤ ᠲᠤᠭᠳᠠᠴᠠ ᠶᠢᠨ ᠰᠢᠨ᠎ᠠ ᠶᠢ ᠡᠬᠦᠳᠴᠦ᠂ ᠠᠷᠠᠳ ᠲᠦᠮᠡᠨ ᠳᠤ | ᠠᠰᠢᠬ ᠬᠦᠷᠳᠡᠭᠡᠬᠦ᠂ ᠠᠷᠠᠳ ᠲᠦᠮᠡᠨ ᠤ ᠭᠡᠷᠡᠭ ᠶᠠᠪᠤᠳᠠᠯ ᠢ ᠰᠢᠢᠳᠪᠤᠷᠢᠯᠡᠵᠤ ᠦᠭᠬᠦ᠂ ᠠᠷᠠᠳ ᠲᠦᠮᠡᠨ ᠤ ᠵᠤᠪᠠᠨᠢᠯ ᠢ | ᠠᠷᠢᠯᠭᠠᠬᠤ ᠲᠤᠭᠳᠠᠴᠠ ᠶᠢᠨ ᠰᠢᠨ᠎ᠠ ᠶᠢ ᠡᠬᠦᠳᠴᠦ᠂ ᠤᠯᠠᠨ ᠲᠦᠮᠡᠨ ᠤ ᠭᠡᠭᠡᠨ ᠰᠡᠴᠡᠨ ᠤᠶᠤᠨ ᠤᠬᠠᠭᠠᠨ ᠢ | ᠨᠡᠶᠢᠭᠡᠮ ᠤᠨ ᠵᠠᠰᠠᠯᠳᠠ ᠶᠢᠨ ᠰᠢᠨ᠎ᠠ ᠶᠢ ᠡᠬᠦᠳᠬᠦ ᠶᠢᠨ ᠳᠤᠨᠳᠠᠷᠠᠰᠢ ᠦᠭᠡᠢ ᠡᠬᠢ ᠪᠤᠯᠠᠭ ᠪᠤᠯᠭᠠᠬᠤ ᠭᠡᠷᠡᠭᠲᠡᠢ᠃ | ᠤᠯᠠᠨ ᠲᠦᠮᠡᠨ ᠤ ᠠᠮᠢ ᠪᠡᠶ᠎ᠠ ᠶᠢᠨ ᠠᠰᠢᠬ ᠲᠤᠰᠠ ᠳᠤ ᠬᠤᠯᠪᠤᠭᠳᠠᠬᠤ ᠭᠤᠤᠯᠳᠠᠯᠭ᠎ᠠ ᠲᠠᠢ ᠬᠦᠷᠢᠶᠡᠨ ᠤ ᠬᠠᠤᠯᠢ | ᠭᠡᠷᠡᠭᠵᠢᠬᠦᠯᠵᠤ ᠬᠠᠤᠯᠢ ᠪᠠᠷᠢᠬᠤ ᠡᠷᠴᠢᠮ ᠢᠶᠠᠨ ᠨᠡᠮᠡᠭᠳᠡᠬᠦᠯᠵᠦ᠂ ᠲᠡᠭᠷᠢ ᠶᠢ ᠨᠡᠩ ᠴᠡᠯᠮᠡᠭ᠂ ᠤᠰᠤ ᠶᠢ ᠨᠡᠩ ᠴᠡᠩᠭᠡᠭ᠂ | ᠠᠭᠠᠷ ᠢ ᠨᠡᠩ ᠲᠤᠩᠭᠠᠯᠠᠭ᠂ ᠢᠳᠡᠭᠡᠨ ᠢ ᠨᠡᠩ ᠠᠮᠤᠷ ᠲᠦᠪᠰᠢᠨ᠂ ᠵᠠᠮ ᠬᠠᠷᠢᠯᠴᠠᠭ᠎ᠠ ᠶᠢ ᠨᠡᠩ ᠰᠢᠯᠤᠭᠤᠨ᠂ | ᠨᠡᠶᠢᠭᠡᠮ ᠢ ᠨᠡᠩ ᠡᠶ᠎ᠡ ᠵᠤᠬᠢᠴᠠᠩᠭᠤᠢ ᠡᠮᠬᠢ ᠴᠡᠭᠴᠡ ᠲᠠᠢ ᠪᠤᠯᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ | ᠲᠠᠪᠠᠭᠤᠯᠢᠭ ᠢ ᠨᠡᠶᠢᠭᠡᠮ ᠤᠨ ᠵᠠᠰᠠᠯᠳᠠ ᠶᠢᠨ ᠦᠷ᠎ᠠ ᠪᠦᠲᠦᠮᠵᠢ ᠪᠤᠯᠭᠠᠨ ᠬᠤᠪᠢᠷᠠᠭᠤᠯᠬᠤ ᠳᠤ ᠴᠢᠳᠠᠮᠠᠭᠠᠢ ᠪᠠᠶᠢᠵᠤ᠂ | ᠨᠠᠮ ᠤᠨ ᠬᠤᠷᠢᠶ᠎ᠠ ᠠᠴᠠ ᠤᠳᠤᠷᠢᠳᠤᠬᠰᠠᠨ᠂ ᠵᠠᠰᠠᠭ ᠤᠨ ᠤᠷᠳᠤᠨ ᠠᠴᠠ ᠬᠠᠷᠢᠭᠤᠴᠠᠭᠰᠠᠨ᠂ ᠨᠡᠶᠢᠭᠡᠮ ᠠᠴᠠ | ᠬᠠᠮᠵᠢᠯᠴᠠᠭᠰᠠᠨ᠂ ᠨᠡᠶᠢᠳᠡ ᠤᠯᠠᠨ ᠢᠶᠠᠷ ᠢᠶᠠᠨ ᠤᠷᠤᠯᠴᠠᠭᠰᠠᠨ᠂ ᠬᠠᠤᠯᠢᠵᠢᠯ ᠤᠨ ᠪᠠᠳᠤᠯᠠᠭ᠎ᠠ ᠲᠠᠢ ᠨᠡᠶᠢᠭᠡᠮ ᠤᠨ | ᠵᠠᠰᠠᠯᠳᠠ ᠶᠢᠨ ᠪᠠᠶᠢᠭᠤᠯᠤᠮᠵᠢ ᠶᠢ ᠲᠡᠬᠦᠯᠳᠡᠷᠵᠢᠬᠦᠯᠵᠦ᠂ ᠬᠠᠮᠳᠤ ᠪᠠᠷ ᠪᠠᠶᠢᠭᠤᠯᠬᠤ ᠬᠠᠮᠳᠤ ᠪᠠᠷ ᠵᠠᠰᠠᠬᠤ ᠬᠠᠮᠳᠤ ᠪᠠᠷ | ᠡᠳ᠋ᠯᠡᠬᠦ ᠨᠡᠶᠢᠭᠡᠮ ᠤᠨ ᠵᠠᠰᠠᠯᠳᠠ ᠶᠢᠨ ᠪᠠᠶᠢᠷᠢᠰᠢᠯ ᠢ ᠴᠤᠬᠴᠠᠯᠠᠬᠤ ᠭᠡᠷᠡᠭᠲᠡᠢ᠃ ᠠᠮᠤᠷ ᠠᠮᠤᠭᠤᠯᠠᠩ ᠤᠨ | ᠪᠠᠶᠢᠭᠤᠯᠤᠯᠳᠠ ᠶᠢᠨ ᠠᠵᠢᠯ ᠤᠨ ᠵᠤᠬᠢᠴᠠᠭᠤᠯᠬᠤ ᠲᠤᠭᠳᠠᠴᠠ ᠶᠢᠨ ᠰᠢᠨ᠎ᠠ ᠶᠢ ᠡᠬᠦᠳᠴᠦ ᠳᠡᠬᠦᠯᠳᠡᠷᠵᠢᠬᠦᠯᠦᠨ᠂ | ᠤᠯᠤᠰ ᠲᠦᠷᠦ ᠬᠠᠤᠯᠢ ᠴᠠᠭᠠᠵᠠ ᠶᠢᠨ ᠰᠢᠰᠲᠧᠮ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠡᠬᠢ ᠪᠠᠶᠠᠯᠢᠭ | ᠬᠦᠴᠦᠨ ᠴᠢᠳᠠᠯ ᠢ ᠰᠠᠶᠢᠳᠤᠷ ᠨᠢᠭᠡᠳᠦᠯᠳᠠᠢ ᠲᠦᠯᠦᠪᠵᠢᠬᠦᠯᠵᠦ᠂ ᠠᠰᠠᠭᠤᠳᠠᠯ ᠢ ᠬᠠᠮᠳᠤᠷᠠᠨ ᠵᠠᠰᠠᠬᠤ᠂ ᠠᠵᠢᠯ ᠢ | ᠬᠤᠷᠰᠢᠯᠴᠠᠨ ᠬᠢᠬᠦ᠂ ᠠᠮᠤᠷ ᠠᠮᠤᠭᠤᠯᠠᠩ ᠢ ᠬᠠᠮᠳᠤᠷᠠᠨ ᠴᠤᠬᠴᠠᠯᠠᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠬᠦᠯᠬᠦ | ᠭᠡᠷᠡᠭᠲᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠦᠬᠦᠳ ᠠᠮᠤᠷ | ᠠᠮᠤᠭᠤᠯᠠᠩ ᠤᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠰᠠᠶᠢᠳᠤᠷ | ᠨᠠᠶᠢᠳᠠᠪᠤᠷᠢᠵᠢᠭᠤᠯᠵᠦ᠂ ᠨᠢᠭᠡ ᠭᠠᠵᠠᠷ ᠤᠷᠤᠨ ᠤ ᠲᠤᠭᠳᠠᠭᠤᠨ ᠢ ᠬᠠᠮᠠᠭᠠᠯᠠᠬᠤ᠂ ᠨᠢᠭᠡ ᠭᠠᠵᠠᠷ ᠤᠷᠤᠨ ᠤ ᠠᠮᠤᠷ | ᠠᠮᠤᠭᠤᠯᠠᠩ ᠢ ᠪᠠᠳᠤᠯᠠᠨ ᠰᠠᠬᠢᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠬᠦ ᠭᠡᠷᠡᠭᠲᠡᠢ᠃ | ᠨᠡᠶᠢᠭᠡᠮ ᠲᠤᠭᠤᠷᠢᠭ ᠤᠨ ᠵᠠᠰᠠᠯᠳᠠ ᠶᠢᠨ ᠰᠢᠨ᠎ᠠ ᠶᠢ ᠡᠬᠦᠳᠬᠦ ᠶᠢ ᠬᠦᠨᠵᠡᠭᠡᠢ ᠠᠬᠢᠭᠤᠯᠵᠦ᠂ ᠠᠮᠢᠵᠢᠷᠠᠯ ᠤᠨ ᠬᠦᠴᠦ | ᠪᠠ ᠦᠷ᠎ᠠ ᠠᠰᠢᠬ ᠢᠶᠠᠷ ᠪᠢᠯᠬᠠᠮ᠎ᠠ ᠰᠢᠨ᠎ᠠ ᠮᠠᠶᠢᠭ ᠤᠨ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠠ ᠶᠢᠨ | ᠰᠢᠰᠲᠧᠮ ᠢ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠶᠡᠭᠡ ᠪᠠᠷ ᠪᠠᠳᠠᠷᠠᠭᠤᠯᠵᠦ᠂ | ᠦᠵᠡᠯ ᠰᠠᠨᠠᠭᠠᠨ ᠤ ᠬᠦᠮᠦᠵᠢᠯ᠂ ᠶᠤᠰᠤ ᠰᠤᠷᠳᠠᠬᠤᠨ ᠤ ᠬᠦᠮᠦᠵᠢᠯ ᠢ ᠴᠢᠩᠭᠠᠳᠬᠠᠵᠤ᠂ ᠲᠦᠪ ᠶᠤᠰᠤᠨ ᠤ | ᠲᠦᠯᠦᠭᠡ ᠲᠦᠳᠡᠭᠡᠯᠵᠡᠯ ᠦᠭᠡᠢ ᠤᠷᠤᠭᠰᠠᠨ ᠪᠠᠭᠠᠳᠤᠷᠴᠤᠳ ᠤᠨ ᠵᠢᠱᠢᠶᠡᠴᠢ ᠶᠢ ᠦᠨᠡᠯᠡᠨ ᠰᠢᠯᠭᠠᠷᠠᠭᠤᠯᠵᠤ | ᠬᠦᠬᠢᠭᠦᠯᠦᠨ ᠰᠠᠶᠢᠰᠢᠶᠠᠬᠤ ᠠᠵᠢᠯ ᠢ ᠰᠠᠶᠢᠵᠢᠷᠠᠭᠤᠯᠵᠤ᠂ ᠪᠦᠬᠦ ᠨᠡᠶᠢᠭᠡᠮ ᠢ ᠲᠦᠪ ᠰᠤᠷᠳᠠᠯ᠂ ᠲᠦᠪ ᠶᠤᠰᠤ ᠪᠠᠷ | ᠳᠦᠭᠦᠷᠡᠩ ᠪᠤᠯᠭᠠᠬᠤ ᠬᠡᠷᠡᠭᠳᠠᠢ᠃ ᠬᠠᠤᠯᠢ ᠶᠤᠰᠤ ᠪᠠᠷ ᠠᠵᠢᠯ ᠶᠠᠪᠤᠳᠠᠯ ᠬᠢᠬᠦ ᠶᠢ ᠪᠠᠷᠢᠮᠳᠠᠯᠠᠵᠤ᠂ ᠬᠠᠤᠯᠢ ᠶᠢ | ᠡᠷᠬᠢᠮᠯᠡᠨ ᠰᠠᠬᠢᠯᠭ᠎ᠠ ᠪᠠᠳᠤ ᠶᠢ ᠵᠢᠷᠤᠮᠯᠠᠭᠰᠠᠳ ᠢ ᠰᠡᠳᠭᠢᠯ ᠲᠡᠨᠢᠭᠦᠨ ᠠᠮᠢᠳᠤᠷᠠᠭᠤᠯᠵᠤ᠂ ᠬᠠᠤᠯᠢ ᠶᠢ ᠵᠦᠷᠢᠴᠡᠨ | ᠶᠤᠰᠤ ᠮᠤᠷᠠᠯ ᠠᠴᠠ ᠲᠡᠷᠰᠯᠡᠭᠰᠡᠳ ᠢ ᠨᠢᠭᠡ ᠠᠯᠬᠤᠮ ᠤᠷᠤᠭᠰᠢᠯᠠᠬᠤ ᠳᠤ ᠴᠤ ᠬᠦᠴᠢᠷ ᠪᠤᠯᠭᠠᠬᠤ ᠬᠡᠷᠡᠭᠳᠠᠢ᠃ | ᠦᠨᠳᠦᠰᠦᠨ ᠱᠠᠳᠤᠨ ᠤ ᠤᠯᠠᠨ ᠲᠦᠮᠡᠨ ᠤ ᠦᠪᠡᠷᠳᠡᠭᠡᠨ ᠵᠠᠰᠠᠬᠤ ᠲᠤᠭᠳᠠᠴᠠ ᠶᠢ ᠲᠡᠭᠦᠯᠳᠡᠷᠵᠢᠭᠦᠯᠵᠤ᠂ ᠬᠤᠳᠠ | ᠬᠦᠳᠡᠭᠡ ᠶᠢᠨ ᠤᠯᠠᠨ ᠲᠦᠮᠡᠨ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠤᠬᠢᠶᠠᠨ | ᠪᠠᠶᠢᠭᠤᠯᠤᠯᠳᠠ ᠶᠢᠨ ᠪᠡᠶ᠎ᠠ ᠪᠠᠨ ᠳᠠᠭᠠᠭᠠᠵᠤ ᠦᠪᠡᠷᠳᠡᠭᠡᠨ ᠵᠠᠰᠠᠬᠤ ᠢᠳᠡᠪᠬᠢᠵᠢᠯ ᠢ ᠳᠠᠶᠢᠴᠢᠯᠠᠵᠤ᠂ ᠬᠦᠮᠦᠨ ᠪᠤᠯᠭᠠᠨ | ᠬᠠᠷᠢᠭᠤᠴᠠᠯᠭ᠎ᠠ ᠲᠠᠢ᠂ ᠬᠦᠮᠦᠨ ᠪᠤᠯᠭᠠᠨ ᠬᠠᠷᠢᠭᠤᠴᠠᠯᠭ᠎ᠠ ᠪᠠᠨ ᠭᠦᠢᠴᠡᠳᠭᠡᠬᠦ ᠨᠡᠶᠢᠭᠡᠮ ᠤᠨ ᠵᠠᠰᠠᠯᠳᠠ ᠶᠢᠨ | ᠬᠠᠮᠳᠤ ᠶᠢᠨ ᠴᠤᠭᠴᠠ ᠶᠢ ᠪᠠᠶᠢᠭᠤᠯᠬᠤ ᠬᠡᠷᠡᠭᠳᠠᠢ᠃ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮ | ᠪᠤᠯᠤᠨ ᠬᠦᠳᠦᠯᠦᠨ ᠵᠢᠯᠤᠭᠤᠳᠬᠤ ᠲᠤᠭᠳᠠᠴᠠ᠂ ᠬᠢᠮᠤᠷᠠᠯ ᠢ ᠨᠦᠯᠦᠭᠡᠯᠡᠬᠦ ᠲᠤᠭᠳᠠᠴᠠ ᠶᠢ ᠪᠦᠷᠢᠨᠰᠢᠭᠦᠯᠵᠤ᠂ | ᠦᠪᠡᠷ ᠢ ᠪᠠᠨ ᠬᠦᠨᠳᠦᠳᠭᠡᠬᠦ ᠦᠪᠡᠷ ᠢ ᠪᠠᠨ ᠢᠳᠡᠭᠡᠬᠦ᠂ ᠤᠬᠠᠭᠠᠯᠢᠭ ᠲᠠᠶᠢᠪᠤᠩ᠂ ᠳᠤᠳᠤᠨᠤᠰᠤᠭ ᠨᠠᠶᠢᠷᠰᠠᠭ | ᠨᠡᠶᠢᠭᠡᠮ ᠤᠨ ᠰᠡᠳᠭᠢᠴᠡ ᠶᠢ ᠴᠤᠭᠴᠠᠯᠠᠬᠤ ᠬᠡᠷᠡᠭᠳᠠᠢ᠃ ᠪᠤᠰᠤᠭ᠎ᠠ ᠴᠤᠭᠴᠠᠳᠤ᠂ ᠮᠡᠳᠡᠭᠡ ᠵᠠᠩᠭᠢᠴᠢᠯᠠᠭᠰᠠᠨ | ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ | ᠴᠢᠩᠭᠠᠳᠬᠠᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠬᠠᠷ᠎ᠠ ᠪᠦᠯᠦᠭᠳᠡᠨ ᠬᠠᠷᠬᠢᠰ ᠬᠦᠴᠦᠨ ᠪᠤᠯ ᠨᠡᠶᠢᠭᠡᠮ ᠤᠨ ᠬᠤᠤᠷᠳᠤ ᠬᠠᠪᠤᠳᠠᠷ ᠪᠤᠯᠤᠨ᠎ᠠ᠂ | ᠠᠵᠤ ᠠᠬᠤᠢ ᠨᠡᠶᠢᠭᠡᠮ ᠤᠨ ᠡᠮᠬᠢ ᠲᠢᠭᠯᠢᠮ ᠢ ᠬᠦᠨᠳᠤ ᠨᠤᠴᠢᠳᠠᠢ ᠡᠪᠳᠡᠵᠤ᠂ ᠨᠠᠮ ᠤᠨ ᠵᠠᠰᠠᠭ ᠪᠠᠷᠢᠬᠤ ᠰᠠᠭᠤᠷᠢ ᠶᠢ | ᠢᠳᠡᠭᠳᠡᠭᠦᠯᠵᠤ ᠪᠠᠶᠢᠳᠠᠭ᠃ ᠭᠤᠷᠪᠠᠨ ᠵᠢᠯ ᠤᠨ ᠳᠤᠭᠳᠠᠭᠰᠠᠨ ᠬᠤᠭᠤᠴᠠᠭᠠᠨ ᠤ ᠬᠠᠷᠠᠯᠳᠠ ᠶᠢ ᠰᠤᠯᠠᠷᠠᠰᠢ ᠦᠭᠡᠢ | ᠠᠳᠬᠤᠵᠤ᠂ ᠱᠠᠳᠤ ᠬᠤᠪᠢᠶᠠᠨ᠂ ᠬᠦᠷᠢᠶ᠎ᠠ ᠬᠤᠪᠢᠶᠠᠵᠤ ᠪᠠᠶᠢᠭᠠᠳ ᠠᠷᠭ᠎ᠠ ᠪᠤᠳᠤᠯᠭ᠎ᠠ ᠪᠠᠨ ᠲᠡᠭᠦᠯᠳᠡᠷᠵᠢᠭᠦᠯᠵᠤ᠂ | ᠭᠤᠤᠯ ᠰᠢᠪᠳᠤᠯᠤᠯᠳᠠ ᠶᠢᠨ ᠴᠢᠭᠯᠡᠯ ᠢᠶᠠᠨ ᠲᠤᠬᠢᠷᠠᠭᠤᠯᠵᠤ᠂ ᠬᠦᠴᠦᠷᠬᠡᠭ ᠶᠡᠭᠡ ᠳᠠᠭᠠᠷᠢᠯᠳᠠ ᠶᠢᠨ ᠪᠠᠶᠢᠳᠠᠯ ᠢ | ᠪᠠᠳᠤᠯᠠᠬᠤ ᠬᠡᠷᠡᠭᠳᠠᠢ᠃ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠬᠦᠨᠳᠦ ᠶᠡᠭᠡ ᠬᠡᠷᠡᠭ᠂ ᠬᠠᠷ᠎ᠠ | ᠪᠦᠯᠦᠭᠳᠡᠨ ᠬᠠᠷᠬᠢᠰ ᠬᠦᠴᠦᠨ ᠤ ᠠᠵᠤ ᠠᠬᠤᠢ ᠶᠢᠨ ᠰᠠᠭᠤᠷᠢ᠂ ᠠᠷᠤ ᠲᠠᠯ᠎ᠠ ᠶᠢᠨ ︽ᠬᠠᠷᠢᠯᠴᠠᠭᠠᠨ ᠤ ᠲᠤᠤᠷ︾᠂ | ︽ᠬᠠᠮᠠᠭᠠᠯᠠᠭᠴᠢ︾ ᠶᠢ ᠨᠢᠭᠳᠠ ᠠᠩᠬᠠᠷᠴᠤ᠂ ᠴᠤᠬᠢᠯᠳᠠ ᠦᠭᠬᠦ ᠪᠠ ᠰᠡᠷᠭᠡᠶᠢᠯᠡᠬᠦ ᠶᠢ ᠬᠠᠮᠳᠤᠳᠬᠠᠬᠤ᠂ ᠦᠩᠭᠡᠨ | ᠲᠠᠯ᠎ᠠ ᠪᠠ ᠦᠨᠳᠦᠰᠦ ᠶᠢ ᠨᠢ ᠵᠡᠷᠭᠡ ᠪᠠᠷ ᠵᠠᠰᠠᠬᠤ ᠳᠡᠭᠡᠷ᠎ᠠ ᠵᠢᠩᠭᠢᠨᠢ ᠬᠦᠴᠦ ᠤᠷᠤᠭᠤᠯᠵᠤ᠂ ᠨᠠᠷᠢᠯᠢᠭ ᠬᠦᠴᠦ | ᠤᠷᠤᠭᠤᠯᠵᠤ᠂ ᠪᠤᠳᠠᠳᠠᠢ ᠦᠷ᠎ᠠ ᠪᠦᠲᠦᠮᠵᠢ᠂ ᠤᠷᠳᠤ ᠬᠤᠭᠤᠴᠠᠭᠠᠨ ᠤ ᠦᠷ᠎ᠠ ᠪᠦᠲᠦᠮᠵᠢ ᠤᠯᠬᠤ ᠶᠢ ᠪᠠᠳᠤᠯᠠᠬᠤ | ᠬᠡᠷᠡᠭᠳᠠᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠨᠡᠩ ᠦᠨᠳᠦᠷ ᠭᠠᠷᠤᠭ᠎ᠠ ᠠᠴᠠ᠂ | ᠦᠭᠡᠷᠡᠴᠢᠯᠡᠯᠳᠡ ᠶᠢᠨ ᠰᠢᠨ᠎ᠠ ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠬᠤ ᠶᠢ ᠠᠬᠢᠭᠤᠯᠵᠤ᠂ ᠬᠠᠷᠢᠯᠴᠠᠨ | ᠬᠠᠮᠵᠢᠯᠴᠠᠭᠰᠠᠨ ᠦᠨᠳᠦᠷ ᠪᠦᠲᠦᠮᠵᠢᠳᠠᠢ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠡᠭᠦᠷᠭᠡ | ᠴᠢᠳᠠᠪᠬᠢ ᠶᠢᠨ ᠰᠢᠰᠲ᠋ᠧᠮ ᠢ ᠪᠠᠶᠢᠭᠤᠯᠬᠤ ᠪᠠᠨ ᠲᠦᠷᠭᠡᠳᠭᠡᠨ ᠰᠢᠯᠢᠳᠡᠭᠵᠢᠭᠦᠯᠬᠦ ᠬᠡᠷᠡᠭᠳᠠᠢ᠃ ᠤᠯᠤᠰ ᠲᠦᠷᠦ ᠬᠠᠤᠯᠢ | ᠴᠠᠭᠠᠵᠠ ᠶᠢᠨ ᠪᠠᠶᠢᠭᠤᠯᠭ᠎ᠠ ᠶᠢᠨ ᠡᠷᠬᠡ ᠲᠤᠰᠢᠶᠠᠯ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠤ᠂ ᠬᠦᠮᠦᠨ ᠪᠦᠬᠦᠨ | ᠬᠤᠪᠢ ᠬᠤᠪᠢᠨ ᠤ ᠪᠠᠨ ᠡᠭᠦᠷᠭᠡ ᠲᠤᠰᠢᠶᠠᠯ ᠢᠶᠠᠨ ᠭᠦᠢᠴᠡᠳᠭᠡᠬᠦ᠂ ᠰᠠᠶᠢᠳᠤᠷ ᠬᠠᠮᠵᠢᠯᠴᠠᠬᠤ᠂ ᠪᠦᠲᠦᠮᠵᠢᠳᠠᠢ | ᠬᠢᠵᠠᠭᠠᠷᠯᠠᠬᠤ ᠠᠵᠢᠯ ᠤᠨ ᠰᠢᠰᠲ᠋ᠧᠮ ᠢ ᠪᠠᠶᠢᠭᠤᠯᠬᠤ ᠬᠡᠷᠡᠭᠳᠠᠢ᠃ ᠤᠯᠤᠰ ᠲᠦᠷᠦ ᠬᠠᠤᠯᠢ ᠴᠠᠭᠠᠵᠠ ᠶᠢᠨ | ᠪᠠᠶᠢᠭᠤᠯᠭ᠎ᠠ ᠶᠢᠨ ᠳᠤᠳᠤᠭᠠᠳᠤ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠵᠤ᠂ ᠡᠭᠦᠷᠭᠡ ᠴᠢᠳᠠᠪᠬᠢ ᠶᠢᠨ | ᠲᠤᠬᠢᠷᠠᠭᠤᠯᠤᠯᠳᠠ᠂ ᠪᠠᠶᠢᠭᠤᠯᠤᠮᠵᠢ ᠶᠢᠨ ᠲᠤᠬᠢᠷᠠᠭᠤᠯᠤᠯᠳᠠ᠂ ᠠᠵᠢᠯᠳᠠᠨ ᠤ ᠤᠷᠤᠨ ᠲᠤᠭ᠎ᠠ ᠶᠢ ᠰᠢᠯᠢᠳᠡᠭᠵᠢᠭᠦᠯᠵᠤ᠂ | ᠠᠵᠢᠯᠯᠠᠭᠠᠨ ᠢ ᠨᠡᠩ ᠰᠢᠭᠤᠳ ᠰᠢᠯᠤᠭᠤᠨ ᠦᠨᠳᠦᠷ ᠪᠦᠲᠦᠮᠵᠢᠳᠠᠢ ᠪᠤᠯᠭᠠᠬᠤ ᠬᠡᠷᠡᠭᠳᠠᠢ᠃ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠠᠵᠢᠯᠳᠠᠨ | ᠬᠦᠴᠦᠨ ᠢᠶᠠᠨ ᠲᠦᠪᠯᠡᠷᠡᠭᠦᠯᠦᠨ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠬᠦ᠂ ᠬᠡᠷᠡᠭ ᠢ ᠰᠠᠶᠢᠳᠤᠷ ᠲᠠᠰᠤᠯᠬᠤ | ᠪᠤᠯᠭᠠᠵᠤ᠂ ᠬᠠᠤᠯᠢ ᠴᠠᠭᠠᠵᠠ ᠶᠢᠨ ᠶᠠᠰᠤ ᠴᠢᠨᠠᠷ᠂ ᠦᠷ᠎ᠠ ᠪᠦᠲᠦᠮᠵᠢ᠂ ᠢᠳᠡᠭᠡᠭᠦᠯᠬᠦ ᠬᠦᠴᠦᠨ ᠢ ᠳᠡᠭᠡᠭᠰᠢᠯᠡᠭᠦᠯᠬᠦ | ᠬᠡᠷᠡᠭᠳᠠᠢ᠃ ᠤᠯᠠᠨ ᠲᠦᠮᠡᠨ ᠤ ᠳᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠢᠶᠠᠷ ᠭᠤᠤᠯᠳᠠᠭᠤᠯᠵᠤ᠂ | ᠡᠷᠬᠡ ᠶᠢᠨ ᠠᠵᠢᠯᠯᠠᠭᠠᠨ ᠢ ᠬᠢᠨᠠᠬᠤ ᠪᠠ ᠬᠢᠵᠠᠭᠠᠷᠯᠠᠬᠤ ᠲᠤᠭᠳᠠᠴᠠ ᠪᠠᠨ ᠱᠠᠯᠠᠪᠳᠠᠨ ᠲᠡᠭᠦᠯᠳᠡᠷᠵᠢᠭᠦᠯᠵᠤ᠂ ᠬᠠᠤᠯᠢ | ᠬᠡᠷᠡᠭᠵᠢᠭᠦᠯᠬᠦ ᠳᠡᠭᠡᠨ ᠴᠢᠩᠭ᠎ᠠ ᠪᠢᠰᠢ᠂ ᠬᠠᠤᠯᠢ ᠪᠠᠷᠢᠬᠤ ᠳᠠᠭᠠᠨ ᠲᠦᠪ ᠭᠤᠤᠯᠴᠢ ᠪᠤᠰᠤ ᠴᠢᠨᠠᠭᠰᠢᠯᠠᠪᠠᠯ ᠬᠠᠤᠯᠢ | ᠬᠡᠷᠡᠭᠵᠢᠭᠦᠯᠬᠦ ᠳᠡᠭᠡᠨ ᠬᠠᠤᠯᠢ ᠶᠢ ᠵᠦᠷᠢᠴᠡᠬᠦ᠂ ᠬᠠᠤᠯᠢ ᠪᠠᠷᠢᠬᠤ ᠳᠠᠭᠠᠨ ᠢᠯᠵᠠᠷᠠᠬᠤ ᠶᠢ ᠡᠷᠡᠰ ᠰᠡᠷᠭᠡᠶᠢᠯᠡᠬᠦ ᠬᠡᠷᠡᠭᠳᠠᠢ᠃ | ᠵᠠᠭᠠᠯᠳᠤᠯᠭ᠎ᠠ ᠶᠢᠨ ᠳᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠶᠠᠷᠰᠢᠭ ᠳᠦᠭᠦᠮ ᠬᠡᠷᠡᠭ ᠢ ᠰᠠᠯᠭᠠᠬᠤ᠂ | ᠬᠦᠨᠳᠦ ᠬᠦᠩᠭᠡᠨ ᠢ ᠢᠯᠭᠠᠬᠤ᠂ ᠲᠦᠷᠭᠡᠨ ᠤᠳᠠᠭᠠᠨ ᠢ ᠬᠤᠪᠢᠶᠠᠬᠤ ᠶᠢ ᠠᠬᠢᠭᠤᠯᠵᠤ᠂ ᠲᠤᠮᠤ ᠳ᠋ᠠᠶᠢᠲ᠋ᠠ᠂ | ᠵᠤᠬᠢᠶᠠᠮᠠᠯ ᠤᠶᠤᠨ ᠴᠢᠳᠠᠪᠤᠷᠢ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠦᠭᠰᠡᠨ ᠦᠷ᠎ᠠ | ᠪᠦᠲᠦᠭᠡᠯ ᠢ ᠬᠠᠤᠯᠢ ᠴᠠᠭᠠᠵᠠ ᠶᠢᠨ ᠠᠵᠢᠯ ᠲᠠᠢ ᠭᠦᠨᠵᠡᠭᠡᠢ ᠠᠭᠤᠰᠤᠯᠴᠠᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃ | | ᠰᠢ ᠶᠢᠨ ᠫᠢᠩ᠂ ᠤᠯᠤᠰ ᠳᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠢ ᠶᠡᠭᠡ ᠬᠡᠮᠵᠢᠶᠡᠨ ᠤ ᠤᠯᠠᠨ | ᠨᠡᠶᠢᠳᠡ ᠶᠢᠨ ᠦᠢᠯᠡᠴᠢᠯᠡᠬᠡᠨ ᠤ ᠡᠬᠦᠷᠬᠡ ᠴᠢᠳᠠᠪᠬᠢ ᠶᠢ ᠡᠬᠦᠷᠬᠡᠯᠡᠵᠦ᠂ ᠳᠦᠬᠡᠮᠡᠯ ᠬᠠᠷᠠᠭᠠᠯᠵᠠᠯ ᠲᠠᠢ ᠳᠡᠩᠴᠡᠬᠦᠷᠢᠳᠠᠢ᠂ | ᠳᠦᠬᠦᠮ ᠳᠦᠳᠡ ᠦᠨᠳᠦᠷ ᠪᠦᠲᠦᠮᠵᠢᠳᠠᠢ᠂ ᠤᠶᠤᠨᠴᠢ ᠪᠦᠬᠡᠳ ᠤᠨᠤᠪᠴᠢᠳᠠᠢ ᠤᠯᠠᠨ ᠨᠡᠶᠢᠳᠡ ᠶᠢᠨ ᠦᠢᠯᠡᠴᠢᠯᠡᠭᠡ | ᠬᠠᠩᠭᠠᠬᠤ ᠪᠠᠷ ᠴᠢᠷᠮᠠᠶᠢᠬᠤ ᠬᠡᠷᠡᠭᠳᠡᠢ᠃ ︽ᠦᠨᠡᠮᠯᠡᠯ ᠢ ᠴᠦᠬᠡᠳᠬᠡᠨ ᠠᠷᠠᠳ ᠲᠤ ᠳᠦᠬᠦᠮ ᠦᠵᠡᠬᠦᠯᠬᠦ︾ | ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠤᠷᠤᠨ ᠪᠦᠰᠡ ᠠᠯᠤᠰᠯᠠᠨ ᠬᠡᠷᠡᠭ ᠢ ᠳᠠᠩᠰᠠᠯᠠᠵᠤ ᠵᠠᠷᠭᠤ ᠬᠢᠬᠦ | ᠦᠢᠯᠡᠴᠢᠯᠡᠬᠡᠨ ᠤ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠵᠦ᠂ ᠵᠠᠷᠭᠤ ᠵᠠᠷᠭᠤᠯᠳᠤᠭᠠᠨ ᠤ ᠬᠡᠷᠡᠭ ᠶᠠᠪᠤᠳᠠᠯ ᠢ | ᠤᠷᠤᠨ ᠪᠦᠰᠡ ᠠᠯᠤᠰᠯᠠᠨ ᠠᠯᠤᠰ ᠠᠴᠠ ᠡᠵᠡᠮᠳᠡᠨ ᠰᠢᠢᠳᠪᠤᠷᠢᠯᠡᠬᠦ᠂ ᠱᠠᠳᠤ ᠠᠯᠤᠰᠯᠠᠨ ᠬᠠᠮᠳᠤᠷᠠᠯᠴᠠᠨ ᠬᠡᠷᠡᠭ ᠢ | ᠰᠢᠢᠳᠪᠤᠷᠢᠯᠡᠬᠦ ᠠᠵᠢᠯ ᠢ ᠠᠬᠢᠭᠤᠯᠵᠦ᠂ ᠤᠨᠳᠤᠤ ᠭᠠᠵᠠᠷ ᠲᠤ ᠵᠠᠷᠭᠤᠯᠳᠤᠬᠤ ᠳᠤ ᠬᠦᠴᠢᠷ ᠵᠡᠷᠬᠡ ᠠᠰᠠᠭᠤᠳᠠᠯ ᠤᠳ ᠢ | ᠰᠠᠶᠢᠳᠤᠷ ᠰᠢᠢᠳᠪᠤᠷᠢᠯᠡᠬᠦ ᠬᠡᠷᠡᠭᠳᠡᠢ᠃ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ ᠤᠨ | ᠪᠠᠶᠢᠭᠤᠯᠤᠯᠳᠠ ᠶᠢ ᠬᠦᠨᠵᠡᠬᠡᠶᠢᠷᠡᠬᠦᠯᠵᠦ᠂ ᠬᠠᠤᠯᠢᠴᠢ᠂ ᠠᠯᠪᠠᠨ ᠬᠡᠷᠡᠴᠢᠯᠡᠭᠡ᠂ ᠬᠠᠤᠯᠢ ᠴᠠᠭᠠᠵᠠ ᠶᠢᠨ ᠬᠢᠨᠠᠨ | ᠳᠤᠬᠳᠠᠭᠠᠯᠳᠠ᠂ ᠬᠦᠨᠳᠡᠯᠡᠨ ᠠᠴᠠ ᠳᠠᠰᠤᠯᠬᠤ᠂ ᠬᠠᠤᠯᠢ ᠴᠠᠭᠠᠵᠠ ᠶᠢᠨ ᠭᠠᠵᠠᠷ᠂ ᠠᠷᠠᠳ ᠤᠨ ᠡᠶᠡᠳᠡᠬᠦᠯᠬᠡ ᠵᠡᠷᠬᠡ | ᠬᠠᠤᠯᠢ ᠴᠠᠭᠠᠵᠠ ᠶᠢᠨ ᠦᠢᠯᠡᠴᠢᠯᠡᠬᠡᠨ ᠤ ᠡᠬᠢ ᠪᠠᠶᠠᠯᠢᠬ ᠢ ᠨᠡᠶᠢᠳᠬᠡᠬᠦ ᠪᠠᠨ ᠱᠠᠯᠠᠪᠳᠠᠭᠤᠯᠵᠤ᠂ ᠪᠦᠬᠦ ᠲᠤᠬᠠᠢᠢᠯᠠᠭᠰᠠᠨ | ᠠᠵᠢᠯ᠂ ᠪᠦᠬᠦ ᠴᠠᠭ ᠤᠷᠤᠨ ᠵᠠᠢ ᠶᠢ ᠬᠠᠮᠤᠷᠤᠭᠰᠠᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠦᠯᠵᠢᠶ᠎ᠠ ᠶᠢ | ᠱᠠᠯᠠᠪᠳᠠᠨ ᠪᠠᠶᠢᠭᠤᠯᠬᠤ ᠬᠡᠷᠡᠭᠳᠡᠢ᠃ ᠭᠠᠳᠠᠭᠠᠳᠤ ᠳᠠᠬᠢ ᠠᠮᠤᠷ ᠳᠦᠪᠰᠢᠨ ᠤ ᠬᠠᠮᠠᠭᠠᠯᠠᠯᠳᠠ ᠶᠢᠨ ᠰᠢᠰᠲ᠋ᠧᠮ ᠢ | ᠱᠠᠯᠠᠪᠳᠠᠨ ᠪᠠᠶᠢᠭᠤᠯᠵᠦ᠂ ᠮᠠᠨ ᠤ ᠤᠯᠤᠰ ᠤᠨ ᠭᠠᠳᠠᠭᠠᠳᠤ ᠳᠤ ᠪᠠᠶᠢᠭ᠎ᠠ ᠪᠠᠶᠢᠭᠤᠯᠤᠮᠵᠢ᠂ ᠬᠦᠮᠦᠨ ᠠᠷᠠᠳ ᠤᠨ | ᠬᠠᠤᠯᠢ ᠶᠤᠰᠤᠨ ᠤ ᠡᠷᠬᠡ ᠠᠰᠢᠬ ᠢ ᠪᠠᠳᠤᠯᠠᠬᠤ ᠬᠡᠷᠡᠭᠳᠡᠢ ᠬᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠬ ᠳᠡᠮᠳᠡᠭ ᠳᠤᠳᠤᠷᠬᠠᠢ ᠪᠠᠷ ᠤᠯᠤᠰ ᠳᠦᠷᠦ ᠶᠢᠨ ᠪᠠᠶᠢᠭᠤᠯᠤᠯᠳᠠ ᠶᠢ ᠳᠡᠷᠢᠬᠦᠨ ᠳᠤ | ᠳᠠᠯᠪᠢᠵᠦ᠂ ᠨᠡᠮ ᠤᠨ ᠳᠦᠪ ᠬᠤᠷᠢᠶ᠎ᠠ ᠰᠠᠨᠠᠭ᠎ᠠ ᠠᠮᠤᠷ᠂ ᠠᠷᠠᠳ ᠤᠯᠠᠨ ᠰᠡᠳᠬᠢᠯ ᠬᠠᠨᠤᠮᠵᠢᠳᠡᠢ ᠪᠠᠶᠢᠳᠠᠭ ᠦᠨᠳᠦᠷ | ᠬᠡᠪ ᠪᠤᠯᠪᠠᠰᠤᠷᠠᠯ ᠲᠠᠢ ᠤᠯᠤᠰ ᠳᠦᠷᠦ ᠬᠠᠤᠯᠢ ᠴᠠᠭᠠᠵᠠ ᠶᠢᠨ ᠠᠵᠢᠯᠳᠠᠨ ᠤ ᠡᠩᠨᠡᠭᠡ ᠶᠢ ᠪᠠᠶᠢᠭᠤᠯᠬᠤ ᠪᠠᠷ | ᠴᠢᠷᠮᠠᠶᠢᠬᠤ ᠬᠡᠷᠡᠭᠳᠡᠢ᠃ ᠰᠢᠨᠵᠢᠯᠡᠬᠦ ᠤᠬᠠᠭᠠᠨᠴᠢ ᠤᠨᠤᠯ ᠤᠨ ᠵᠡᠪᠰᠡᠭᠯᠡᠯ ᠢ ᠰᠠᠶᠢᠳᠤᠷ ᠠᠳᠬᠤᠵᠦ᠂ ᠦᠷᠬᠡᠨ ᠤᠯᠠᠨ | ᠺᠠᠳ᠋ᠷ ᠴᠠᠬᠳᠠᠭ᠎ᠠ ᠶᠢ ᠬᠦᠮᠦᠵᠢᠬᠦᠯᠦᠨ ᠵᠢᠯᠤᠭᠤᠳᠴᠤ ᠪᠠᠶᠢᠭᠠᠳ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠭᠤᠯᠤᠨ ᠨᠡᠪᠳᠡᠷᠬᠡᠢ ᠤᠢᠢᠯᠠᠭᠠᠭᠤᠯᠵᠦ | ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠦ᠂ ︽ᠳᠦᠷᠪᠡᠨ ᠢᠳᠡᠬᠡᠯ︾ ᠢᠶᠠᠨ ᠪᠠᠳᠤᠳᠬᠠᠵᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠵᠦ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠢᠯᠡᠰ ᠤᠨ | ᠪᠦᠳᠦᠬᠡᠨ ᠪᠠᠶᠢᠭᠤᠯᠤᠬᠴᠢ᠂ ᠪᠠᠳᠤᠯᠠᠨ ᠬᠠᠮᠠᠭᠠᠯᠠᠬᠴᠢ ᠪᠤᠯᠬᠤ ᠪᠠᠷ ᠰᠡᠳᠬᠢᠯ ᠰᠢᠭᠤᠳᠤᠨ ᠬᠦᠴᠦᠯᠡᠨ ᠴᠢᠷᠮᠠᠶᠢᠬᠤ | ᠪᠤᠯᠭᠠᠬᠤ ᠬᠡᠷᠡᠭᠳᠡᠢ᠃ ᠤᠯᠤᠰ ᠳᠦᠷᠦ ᠬᠠᠤᠯᠢ ᠴᠠᠭᠠᠵᠠ ᠶᠢᠨ ᠪᠠᠶᠢᠭᠤᠯᠭ᠎ᠠ ᠵᠤᠷᠢᠭᠳᠠᠢ ᠪᠠᠷ ᠬᠢᠳᠤᠭᠠᠨ ᠢᠷ ᠢᠶᠠᠨ | ᠳᠤᠳᠤᠬᠰᠢ ᠪᠠᠨ ᠬᠠᠨᠳᠤᠭᠤᠯᠵᠤ᠂ ᠶᠠᠰᠤ ᠪᠠᠨ ᠬᠤᠰᠤᠵᠤ ᠬᠤᠤᠷ ᠢᠶᠠᠨ ᠡᠮᠨᠡᠵᠦ᠂ ᠨᠡᠶᠢᠳᠡ ᠤᠯᠠᠨ ᠢ | ᠲᠦᠢᠪᠡᠭᠡᠭᠴᠢ ᠶᠢ ᠡᠷᠡᠰ ᠴᠡᠪᠡᠷᠯᠡᠬᠦ ᠬᠡᠷᠡᠭᠳᠡᠢ ᠬᠡᠵᠦ ᠵᠢᠭᠠᠵᠦ ᠭᠠᠷᠭᠠᠪᠠ᠃ | ᠰᠢ ᠶᠢᠨ ᠫᠢᠩ᠂ ᠤᠯᠤᠰ ᠳᠦᠷᠦ ᠬᠠᠤᠯᠢ ᠴᠠᠭᠠᠵᠠ ᠶᠢᠨ ᠰᠢᠰᠲ᠋ᠧᠮ ᠳᠤᠰᠬᠠᠢᠢᠵᠢᠭᠤᠯᠬᠤ ᠪᠠᠶᠢᠭᠤᠯᠤᠯᠳᠠ ᠶᠢ | ᠨᠡᠩ ᠴᠢᠬᠤᠯᠠ ᠪᠠᠶᠢᠷᠢᠨ ᠳᠤ ᠳᠠᠯᠪᠢᠨ ᠠᠳᠬᠤᠬᠤ ᠬᠡᠷᠡᠭᠳᠡᠢ᠃ ᠳᠤᠰᠬᠠᠢᠢᠵᠢᠭᠤᠯᠬᠤ ᠪᠠᠶᠢᠭᠤᠯᠤᠯᠳᠠ ᠳᠠᠭᠠᠨ ᠵᠢᠩᠬᠢᠨᠢ | ᠪᠠᠶᠢᠯᠳᠤᠭᠠᠨ᠂ ᠪᠤᠳᠠᠳᠤ ᠬᠡᠷᠡᠭᠯᠡᠭᠡ᠂ ᠪᠤᠳᠠᠳᠤ ᠦᠷ᠎ᠠ ᠪᠦᠳᠦᠮᠵᠢ ᠪᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠦ᠂ | ᠤᠯᠤᠰ ᠳᠦᠷᠦ ᠬᠠᠤᠯᠢ ᠴᠠᠭᠠᠵᠠ ᠶᠢᠨ ᠺᠠᠳ᠋ᠷ ᠴᠠᠬᠳᠠᠭ᠎ᠠ ᠶᠢᠨ ᠬᠠᠤᠯᠢ ᠴᠠᠭᠠᠵᠠ ᠪᠤᠯᠤᠨ ᠳᠦᠷᠦ ᠶᠢᠨ ᠪᠤᠳᠤᠯᠭ᠎ᠠ ᠶᠢ | ᠠᠰᠢᠬᠯᠠᠨ ᠬᠡᠷᠡᠭᠯᠡᠬᠦ ᠴᠢᠳᠠᠪᠤᠷᠢ᠂ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ ᠴᠢᠳᠠᠪᠤᠷᠢ᠂ ᠤᠯᠠᠨ ᠳᠦᠮᠡᠨᠴᠢ | ᠠᠵᠢᠯ ᠤᠨ ᠴᠢᠳᠠᠪᠤᠷᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠠᠰᠢᠬᠯᠠᠨ ᠬᠡᠷᠡᠭᠯᠡᠬᠦ ᠴᠢᠳᠠᠪᠤᠷᠢ᠂ ᠶᠠᠷᠢᠶ᠎ᠠ | ᠬᠡᠯᠡᠯᠴᠡᠭᠡ ᠶᠢ ᠬᠦᠳᠦᠯᠦᠨ ᠵᠢᠯᠤᠭᠤᠳᠬᠤ ᠴᠢᠳᠠᠪᠤᠷᠢ ᠶᠢ ᠪᠦᠬᠦ ᠳᠠᠯ᠎ᠠ ᠪᠠᠷ ᠳᠡᠬᠡᠭᠰᠢᠯᠡᠬᠦᠯᠬᠦ ᠬᠡᠷᠡᠭᠳᠡᠢ᠃ ᠤᠯᠤᠰ | ᠳᠦᠷᠦ ᠬᠠᠤᠯᠢ ᠴᠠᠭᠠᠵᠠ ᠶᠢᠨ ᠠᠵᠢᠯᠳᠠᠨ ᠤ ᠡᠩᠨᠡᠭᠡ ᠪᠤᠯ ᠡᠩᠬᠡ ᠳᠠᠶᠢᠪᠤᠩ ᠴᠠᠬ ᠦᠶ᠎ᠠ ᠶᠢᠨ ᠬᠤᠪᠢ ᠨᠠᠮᠠᠷᠢ | ᠬᠠᠮᠤᠬ ᠤᠨ ᠶᠡᠭᠡ᠂ ᠦᠷᠡᠭᠳᠡᠯ ᠰᠦᠢᠳᠦᠯ ᠬᠠᠮᠤᠬ ᠤᠨ ᠶᠡᠭᠡ ᠡᠩᠨᠡᠭᠡ ᠪᠤᠯᠤᠨ᠎ᠠ᠃ ᠡᠨᠡ ᠬᠦ ᠤᠨᠴᠠᠭᠠᠢ | ᠡᠩᠨᠡᠭᠡ ᠶᠢᠨ ᠬᠢᠨ ᠳᠤ ᠡᠷᠬᠡᠪᠰᠢ ᠤᠨᠴᠠᠭᠠᠢ ᠬᠠᠶᠢᠷ᠎ᠠ ᠬᠠᠯᠠᠮᠵᠢ ᠬᠦᠷᠳᠡᠬᠡᠵᠦ᠂ ᠤᠯᠤᠰ ᠳᠦᠷᠦ ᠶᠢᠨ ᠳᠠᠯ᠎ᠠ ᠪᠠᠷ | ᠤᠷᠮᠠᠰᠢᠭᠤᠯᠤᠨ ᠵᠤᠷᠢᠬᠵᠢᠭᠤᠯᠬᠤ᠂ ᠠᠵᠢᠯ ᠤᠨ ᠳᠠᠯ᠎ᠠ ᠪᠠᠷ ᠵᠤᠷᠢᠬ ᠢ ᠨᠢ ᠬᠦᠪᠴᠢᠯᠡᠬᠦ᠂ ᠬᠦᠷᠳᠡᠬᠡᠮᠵᠢ | ᠤᠯᠭᠤᠮᠵᠢ ᠶᠢ ᠨᠢ ᠪᠠᠳᠤᠯᠠᠭ᠎ᠠ ᠲᠠᠢ ᠪᠤᠯᠭᠠᠬᠤ᠂ ᠰᠤᠶᠤᠯ ᠢᠷᠬᠡᠨᠰᠢᠯ ᠤᠨ ᠳᠠᠯ᠎ᠠ ᠪᠠᠷ ᠬᠠᠯᠠᠮᠵᠢᠯᠠᠬᠤ ᠠᠵᠢᠯ ᠢ | ᠰᠠᠶᠢᠳᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠯ᠎ᠠ ᠵᠦᠢᠯ ᠤᠨ ᠪᠤᠳᠠᠳᠠᠢ ᠬᠦᠴᠢᠷᠳᠠᠯ ᠢ ᠨᠢ | ᠬᠠᠪᠰᠤᠷᠤᠨ ᠰᠢᠢᠳᠪᠤᠷᠢᠯᠡᠵᠦ᠂ ᠺᠠᠳ᠋ᠷ ᠴᠠᠬᠳᠠᠭ᠎ᠠ ᠶᠢᠨ ᠪᠠᠶ᠎ᠠ ᠠᠮᠦᠷ ᠲᠦᠪᠰᠢᠨ᠂ ᠰᠡᠳᠬᠢᠯ ᠠᠮᠦᠷ ᠳᠠᠶᠢᠪᠤᠩ᠂ | ᠠᠵᠢᠯ ᠦᠢᠯᠡᠰ ᠲᠡᠭᠡᠨ ᠰᠡᠳᠬᠢᠯ ᠰᠢᠭᠤᠳᠤᠨ ᠤᠷᠤᠬᠤ ᠶᠢ ᠪᠠᠳᠤᠯᠠᠬᠤ ᠬᠡᠷᠡᠭᠳᠡᠢ ᠬᠡᠵᠦ ᠴᠢᠬᠤᠯᠠᠴᠢᠯᠠᠪᠠ᠃ | ᠰᠢ ᠶᠢᠨ ᠫᠢᠡᠭ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠪᠠᠭ ᠪᠤᠯᠤᠨ | ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠤᠰ ᠲᠦᠷᠤ ᠬᠠᠤᠯᠢ ᠴᠠᠭᠠᠵᠠ ᠶᠢᠨ | ᠪᠠᠶᠢᠭᠤᠯᠭ᠎ᠠ ᠶᠢᠨ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ | ᠴᠢᠩᠭᠠᠳᠬᠠᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠤᠳᠤᠷᠢᠳᠬᠤ ᠺᠠᠳ᠋ᠷ | ᠤᠯᠤᠰ ᠲᠦᠷᠤ ᠬᠠᠤᠯᠢ ᠴᠠᠭᠠᠵᠠ ᠶᠢᠨ ᠪᠠᠶᠢᠭᠤᠯᠭ᠎ᠠ ᠨᠢᠭᠡᠴᠢ ᠶᠢᠨ ᠠᠵᠢᠯ ᠦᠷᠨᠢᠭᠦᠯᠭᠦ ᠶᠢ ᠲᠡᠮᠵᠢᠵᠤ᠂ ᠬᠠᠤᠯᠢ | ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠶᠤᠰᠤ ᠪᠠᠷ ᠲᠤᠰᠠᠭᠠᠷ ᠲᠦᠪ ᠭᠤᠤᠯᠴᠢ ᠪᠠᠷ ᠡᠷᠭᠡ ᠲᠤᠰᠢᠶᠠᠯ ᠢᠶᠠᠨ | ᠭᠡᠷᠡᠭᠵᠢᠭᠦᠯᠭᠦ ᠶᠢ ᠲᠠᠮᠵᠢᠭᠦ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ | ᠴᠠᠭᠠᠵᠠ ᠶᠢᠨ ᠬᠤᠷᠢᠶ᠎ᠠ ᠠᠵᠢᠯ ᠤᠨ ᠭᠤᠤᠯᠳᠠᠯᠭ᠎ᠠ ᠪᠠᠨ ᠤᠯᠤᠰ ᠲᠦᠷᠤ ᠶᠢᠨ ᠴᠢᠭᠯᠡᠯ ᠢ ᠡᠵᠡᠮᠳᠠᠭᠦ᠂ ᠡᠯ᠎ᠠ ᠲᠠᠯ᠎ᠠ ᠶᠢᠨ | ᠡᠭᠦᠷᠭᠡ ᠴᠢᠳᠠᠪᠬᠢ ᠶᠢ ᠵᠤᠬᠢᠴᠠᠭᠤᠯᠬᠤ᠂ ᠤᠯᠤᠰ ᠲᠦᠷᠤ ᠬᠠᠤᠯᠢ ᠴᠠᠭᠠᠵᠠ ᠶᠢᠨ ᠠᠵᠢᠯ ᠢ ᠨᠢᠬᠡᠳᠦᠯᠳᠡᠢ | ᠳᠦᠯᠦᠪᠵᠢᠬᠦᠯᠬᠦ᠂ ᠤᠯᠤᠰ ᠲᠦᠷᠤ ᠬᠠᠤᠯᠢ ᠴᠠᠭᠠᠵᠠ ᠶᠢᠨ ᠠᠵᠢᠯᠳᠠᠨ ᠤ ᠡᠩᠨᠡᠭᠡ ᠶᠢ ᠪᠠᠶᠢᠭᠤᠯᠬᠤ᠂ ᠬᠠᠤᠯᠢ | ᠶᠤᠰᠤ ᠪᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠱᠠᠯᠠᠪᠳᠠᠭᠤᠯᠬᠤ᠂ ᠲᠦᠪ ᠭᠤᠤᠯᠴᠢ ᠬᠠᠤᠯᠢ ᠪᠠᠷᠢᠬᠤ | ᠤᠷᠴᠢᠨ ᠢ ᠡᠬᠦᠳᠬᠦ ᠳᠡᠭᠡᠷ᠎ᠠ ᠲᠠᠯᠪᠢᠵᠦ᠂ ᠤᠯᠤᠰ ᠲᠦᠷᠤ ᠶᠢᠨ ᠱᠠᠯᠠᠪᠳᠠᠭᠤᠯᠤᠨ ᠪᠠᠶᠢᠴᠠᠭᠠᠬᠤ᠂ ᠶᠡᠷᠤᠩᠬᠡᠶᠢᠯᠡᠨ | ᠵᠠᠰᠠᠵᠤ ᠱᠠᠯᠠᠪᠳᠠᠭᠤᠯᠤᠨ ᠵᠢᠯᠤᠭᠤᠳᠬᠤ᠂ ᠬᠠᠤᠯᠢ ᠬᠡᠷᠡᠭᠵᠢᠭᠦᠯᠤᠯᠳᠠ ᠳᠤ ᠬᠢᠨᠠᠯᠳᠠ ᠲᠠᠯᠪᠢᠬᠤ᠂ ᠰᠠᠬᠢᠯᠭ᠎ᠠ ᠪᠠᠲᠤ | ᠬᠡᠪ ᠰᠤᠷᠲᠠᠯ ᠢ ᠱᠠᠯᠠᠪᠳᠠᠭᠤᠯᠤᠨ ᠪᠠᠶᠢᠴᠠᠭᠠᠬᠤ ᠲᠤᠭᠤᠷᠢᠨ ᠪᠠᠶᠢᠴᠠᠭᠠᠬᠤ ᠵᠡᠷᠭᠡ ᠳᠦᠷᠢᠮ ᠲᠤᠬᠲᠠᠴᠠ ᠶᠢ | ᠪᠦᠷᠢᠨᠰᠢᠭᠦᠯᠤᠨ ᠲᠡᠭᠦᠯᠳᠡᠷᠵᠢᠭᠦᠯᠭᠦ ᠭᠡᠷᠡᠭᠳᠠᠢ ᠭᠡᠵᠤ ᠵᠢᠭᠠᠵᠤ ᠭᠠᠷᠭᠠᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠭᠦᠨ᠂ ᠲᠦᠪ ᠤᠨ ᠤᠯᠤᠰ ᠲᠦᠷᠤ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠦᠸᠧ ᠱᠸᠡᠭ ᠺᠦᠨ ᠳ᠋ᠦᠡᠭᠨᠡᠯᠳᠠ ᠶᠢᠨ ᠶᠠᠷᠢᠶᠠᠨ ᠳᠠᠭᠠᠨ᠂ ᠶᠡᠷᠤᠩᠭᠡᠢ | ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ᠂ ᠰᠢᠨ᠎ᠠ ᠴᠠᠭ ᠦᠶ᠎ᠠ ᠶᠢᠨ ᠤᠯᠤᠰ ᠲᠦᠷᠤ ᠬᠠᠤᠯᠢ ᠴᠠᠭᠠᠵᠠ ᠶᠢᠨ | ᠠᠵᠢᠯ ᠦᠢᠯᠡᠰ ᠤᠨ ᠭᠦᠭᠵᠢᠯᠳᠠ ᠳᠤ ᠠᠤᠭ᠎ᠠ ᠲᠦᠰᠦᠪ ᠢ ᠵᠢᠷᠤᠭᠯᠠᠵᠤ᠂ ᠦᠨᠳᠤᠰᠤᠨ ᠵᠢᠷᠤᠮᠯᠡᠯ ᠬᠠᠨᠭ᠍ᠭᠠᠪᠠ᠃ | ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠤᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠤ ᠶᠢᠨ ᠡᠭᠦᠷᠭᠡ ᠪᠤᠯᠭᠠᠵᠤ᠂ ︽ | ᠲᠦᠷᠪᠠᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠤ᠂ ᠤᠯᠤᠰ ᠤᠨ ᠤᠯᠤᠰ ᠲᠦᠷᠤ ᠶᠢᠨ ᠠᠮᠤᠷ ᠲᠦᠪᠰᠢᠨ ᠢ ᠬᠠᠮᠠᠭᠠᠯᠠᠬᠤ᠂ | ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠬᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ | ᠠᠬᠢᠭᠤᠯᠬᠤ᠂ ᠠᠷᠠᠳ ᠲᠦᠮᠡᠨ ᠤ ᠠᠮᠦᠷ ᠠᠮᠤᠭᠤᠯᠠᠩ ᠠᠵᠤ ᠲᠦᠷᠦᠬᠦ ᠶᠢ ᠪᠠᠳᠤᠯᠠᠬᠤ ᠪᠠᠷ ᠬᠦᠴᠦᠯᠡᠨ ᠴᠢᠷᠮᠠᠶᠢᠵᠤ᠂ | ᠰᠢᠯᠢᠳᠡᠭ ᠬᠢᠷᠢ ᠪᠦᠳᠤᠮᠵᠢ ᠪᠠᠷ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠬᠤ | ᠭᠡᠷᠡᠭᠳᠠᠢ ᠭᠡᠵᠤ ᠵᠢᠭᠠᠵᠤ ᠭᠠᠷᠭᠠᠪᠠ᠃ |