ᠪᠦ᠋ ᠰᠢᠶᠤᠤ ᠯᠢᠨ ᠯᠢ ᠰᠢᠦ ᠯᠢᠩ ᠬᠤᠷᠠᠯ ᠳᠤ ᠤᠷᠤᠯᠴᠠᠵᠠᠢ | 1 ᠰᠠᠷ᠎ᠠ ᠶᠢᠨ 18 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ | ᠾᠧᠩ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠷᠪᠠᠳᠤᠭᠠᠷ ᠬᠤᠭᠤᠴᠠᠭᠠᠨ ᠤ | ᠲᠠᠪᠤᠳᠤᠭᠠᠷ ᠪᠦᠬᠦᠳᠡ ᠬᠤᠷᠠᠯ ᠲᠡᠭᠡᠷ᠎ᠠ ᠶᠠᠷᠢᠶ᠎ᠠ ᠲᠠᠯᠪᠢᠬᠤ ᠳᠠᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠲᠡ | ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠠᠷᠪᠠ ᠶᠢᠰᠦᠳᠦᠭᠡᠷ | ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠮᠡᠷᠡᠶᠢᠨ ᠴᠢᠷᠮᠠᠶᠢᠵᠦ ᠡᠷᠡᠮᠡᠭᠡᠶᠢᠯᠡᠨ ᠤᠷᠤᠬᠰᠢᠯᠠᠵᠦ | ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ | ᠢᠯᠵᠡᠷᠠᠯ ᠢ ᠡᠰᠡᠷᠭᠦᠴᠡᠭᠦ ᠲᠡᠮᠡᠴᠡᠯ ᠢ ᠯᠠᠪᠲᠠᠭᠤᠨ ᠪᠠᠲᠤᠲᠠᠢ ᠠᠬᠢᠭᠤᠯᠵᠦ᠂ ᠰᠢᠯᠢᠲᠡᠭ ᠠᠮᠵᠢᠯᠳᠠ ᠪᠠᠷ ᠢᠶᠠᠨ ᠰᠢᠨ᠎ᠡ | ᠲᠤᠮᠲᠠᠲᠤ ᠤᠯᠤᠰ ᠪᠠᠶᠢᠭᠤᠯᠤᠬᠲᠠᠬᠰᠠᠨ 70 ᠵᠢᠯ ᠤᠨ ᠤᠢ ᠶᠢ ᠪᠡᠯᠭᠡᠯᠡᠬᠦ ᠬᠡᠷᠡᠭᠲᠡᠢ ᠬᠡᠵᠤ ᠴᠢᠬᠤᠯᠠᠴᠢᠯᠠᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ | ᠤᠳᠤᠷᠢᠳᠬᠤ ᠲᠤᠭᠤᠢᠢᠯᠠᠩ ᠤᠨ ᠱᠦᠵᠢ ᠯᠢ ᠰᠢᠦ ᠯᠢᠩ ᠵᠡᠷᠭᠡ ᠮᠤᠵᠢ ᠶᠢᠨ ᠲᠡᠰ ᠤᠨ ᠤᠳᠤᠷᠢᠳᠬᠤ ᠨᠦᠬᠦᠳ | ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠦ ᠴᠢ ᠹᠠᠨ | ᠬᠤᠷᠠᠯ ᠢ ᠡᠷᠬᠢᠯᠡᠪᠡ᠃ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠦᠪᠯᠡᠯ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠨᠦᠬᠦᠳ ᠬᠤᠷᠠᠯ ᠳᠤ ᠰᠠᠭᠠᠳᠠᠨ ᠵᠢᠭᠠᠨ ᠵᠢᠯᠤᠭᠤᠳᠪᠠ᠃ | ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠲᠡᠭᠡᠷᠡᠬᠢ ᠴᠢᠬᠤᠯᠠ ᠶᠠᠷᠢᠶ᠎ᠠ ᠨᠢ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠨᠠᠮ ᠤᠨ ᠪᠦᠯᠬᠦᠮᠲᠡᠯ ᠨᠢᠭᠡᠲᠦᠯ ᠢ ᠪᠠᠬᠢᠵᠢᠭᠦᠯᠬᠦ᠂ ᠪᠦᠬᠦ ᠲᠠᠯ᠎ᠠ ᠪᠠᠷ | ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠪᠠᠲᠦ ᠴᠢᠩᠭ᠎ᠠ ᠪᠠᠲᠤᠯᠠᠭ᠎ᠠ ᠬᠠᠩᠭᠠᠬᠤ | ᠳᠣᠬᠠᠢ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠲᠠ ᠬᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠠᠬᠢᠭᠤᠯᠤᠨ ᠬᠦᠨᠵᠡᠭᠡᠶᠢᠷᠡᠨ ᠬᠦᠭᠵᠢᠬᠦ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠤᠬᠲᠠᠯ ᠲᠠᠢ᠃ ᠡᠯ᠎ᠠ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠪᠦᠬᠦᠲᠡ | ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ | ᠪᠤᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ | ᠰᠤᠷᠤᠯᠴᠠᠵᠦ ᠤᠢᠢᠯᠠᠭᠠᠨ᠂ ᠡᠷᠡᠰ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠦᠵᠡᠯ ᠰᠠᠨᠠᠭ᠎ᠠ ᠲᠠᠨᠢᠯᠲᠠ ᠪᠠᠨ | ᠬᠦᠨᠵᠡᠭᠡᠶᠢᠷᠡᠭᠦᠯᠦᠨ᠂ ᠴᠠᠬ ᠤᠨ ᠪᠠᠶᠢᠲᠠᠯ ᠡᠭᠦᠷᠭᠡ ᠶᠢ ᠡᠵᠡᠮᠲᠡᠨ᠂ ᠠᠵᠢᠯ ᠤᠨ ᠶᠡᠷᠦᠩᠬᠡᠢ ᠱᠠᠭᠠᠷᠲᠠᠯᠭ᠎ᠠ ᠶᠢ ᠬᠢᠨᠠᠮᠠᠭᠠᠢ | ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ | ᠠᠬᠢᠭᠤᠯᠬᠤ ᠤᠯᠤᠰ ᠲᠦᠷᠦ ᠶᠢᠨ ᠡᠭᠦᠷᠭᠡᠯᠡᠯ ᠢᠶᠠᠨ ᠦᠨᠡᠨ ᠬᠦ ᠴᠢᠩᠭᠠᠷᠠᠭᠤᠯᠬᠤ ᠬᠡᠷᠡᠭᠲᠡᠢ᠃ ᠦᠩᠭᠡᠨ ᠲᠠᠯ᠎ᠠ ᠪᠡ | ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠦ᠂ ᠦᠵᠡᠯ ᠰᠠᠨᠠᠭ᠎ᠠ ᠪᠠᠨ ᠵᠡᠪᠰᠡᠭᠯᠡᠬᠦ ᠶᠢ ᠬᠦᠴᠦᠯᠡᠨ ᠴᠢᠩᠭᠠᠷᠠᠭᠤᠯᠵᠦ | ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠦ᠂ ᠨᠠᠮ ᠤᠨ ᠰᠢᠯᠢᠲᠡᠭ ᠰᠤᠷᠲᠠᠯ ᠢ | ᠬᠦᠴᠦᠯᠡᠨ ᠪᠠᠲᠠᠷᠠᠭᠤᠯᠵᠦ᠂ ᠢᠯᠵᠡᠷᠡᠯ ᠢ ᠡᠰᠡᠷᠬᠦᠴᠡᠬᠦ ᠲᠡᠮᠡᠴᠡᠯ ᠤᠨ ᠲᠡᠶᠢᠯᠦᠩᠬᠦᠢ ᠴᠢᠨᠠᠷᠲᠠᠢ ᠢᠯᠠᠯᠲᠠ ᠶᠢ | ᠬᠦᠴᠦᠯᠡᠨ ᠪᠠᠬᠢᠵᠢᠭᠦᠯᠦᠨ ᠬᠦᠭᠵᠢᠭᠦᠯᠵᠦ᠂ ᠬᠢᠨᠠᠯᠲᠠ ᠲᠠᠯᠪᠢᠬᠤ ᠰᠢᠰᠲ᠋ᠧᠮ ᠢᠶᠠᠨ ᠬᠦᠴᠦᠯᠡᠨ ᠲᠡᠭᠦᠯᠲᠡᠷᠵᠢᠭᠦᠯᠵᠦ᠂ | ᠤᠯᠠᠨ ᠲᠦᠮᠡᠨ ᠤ ᠲᠡᠷᠬᠡᠲᠡᠬᠢ ᠲᠦᠪ ᠪᠤᠰᠤ ᠰᠤᠷᠲᠠᠯ ᠪᠤᠯᠤᠨ ᠢᠯᠵᠡᠷᠠᠯ ᠤᠨ ᠠᠰᠠᠭᠤᠲᠠᠯ ᠢ ᠬᠦᠴᠦᠯᠡᠨ ᠴᠡᠭᠴᠡᠯᠡᠨ | ᠵᠠᠰᠠᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠠᠰᠤᠷᠠᠯᠲᠠ ᠦᠭᠡᠢ ᠬᠦᠨᠵᠡᠭᠡᠶᠢᠷᠡᠨ ᠬᠦᠭᠵᠢᠬᠦ ᠶᠢ | ᠠᠬᠢᠭᠤᠯᠬᠤ ᠬᠡᠷᠡᠭᠲᠡᠢ᠃ ᠵᠠᠩᠬᠢᠯᠠᠭ᠎ᠠ ᠶᠢᠨ ᠴᠦᠬᠡᠨ ᠲᠤᠭᠠᠲᠠᠨ ᠢ ᠠᠳᠬᠤᠵᠦ᠂ ᠵᠢᠱᠢᠶ᠎ᠡ ᠦᠵᠡᠭᠦᠯᠦᠨ ᠬᠦᠲᠦᠯᠦᠨ | ᠲᠠᠭᠠᠭᠤᠯᠬᠤ ᠶᠢ ᠴᠢᠩᠭᠠᠷᠠᠭᠤᠯᠤᠨ᠂ ᠨᠠᠮ ᠤᠨ ᠲᠤᠳᠤᠭᠠᠲᠤ ᠶᠢᠨ ᠤᠯᠤᠰ ᠲᠦᠷᠦ ᠶᠢᠨ ᠠᠮᠢᠳᠤᠷᠠᠯ ᠢ ᠴᠢᠨᠠᠬᠰᠢᠲᠠ | ᠴᠢᠩᠳᠠᠯᠠᠵᠣ᠂ ᠪᠠᠶᠢᠭᠤᠯᠭ᠎ᠠ ᠪᠤᠯᠤᠨ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠦᠨ | ᠂ ᠠᠷᠠᠳ ᠠᠴᠠ ᠡᠵᠡᠩᠨᠡᠭᠰᠡᠨ ᠠᠵᠦ ᠠᠬᠤᠢᠢᠯᠠᠯ ᠤᠨ ᠬᠦᠭᠵᠢᠯᠲᠡ ᠶᠢᠨ ᠠᠮᠢ ᠠᠬᠤᠢ ᠶᠢ ᠰᠠᠶᠢᠵᠢᠷᠠᠭᠤᠯᠵᠦ᠂ | ᠺᠠᠳ᠋ᠷᠴᠤᠳ ᠤᠨ ᠴᠤᠬ ᠰᠦᠯᠲᠡ ᠶᠢ ᠬᠦᠭᠵᠢᠭᠡᠵᠦ᠂ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢ | ᠠᠬᠤᠢ ᠶᠢ ᠴᠦᠬᠦᠷᠡᠯ ᠦᠭᠡᠢ ᠴᠡᠪᠡᠷᠰᠢᠭᠦᠯᠵᠦ᠂ ᠦᠪᠡᠷᠲᠡᠭᠡᠨ ᠵᠠᠰᠠᠬᠤ ᠤᠷᠤᠨ ᠤ ᠡᠯ᠎ᠡ ᠵᠦᠢᠯ ᠤᠨ ᠦᠢᠯᠡᠰ ᠤᠨ | ᠬᠦᠭᠵᠢᠯᠲᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠭᠦᠳᠦᠨ ᠦᠭᠬᠦ ᠬᠡᠷᠡᠭᠲᠡᠢ ᠬᠡᠵᠦ ᠵᠢᠭᠠᠵᠦ ᠭᠠᠷᠭᠠᠪᠠ᠃ | ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ | ᠲᠠᠪᠤᠳᠤᠭᠠᠷ ᠪᠦᠬᠦᠳᠡ ᠬᠤᠷᠠᠯ 1 ᠰᠠᠷ᠎ᠠ ᠶᠢᠨ 18 ᠤ ᠡᠳᠦᠷ ᠬᠦᠬᠡᠬᠤᠳᠠ ᠳᠤ ᠡᠬᠢᠯᠡᠪᠡ᠃ ᠦᠪᠡᠷᠳᠡᠭᠡᠨ ᠵᠠᠰᠠᠬᠤ | ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠬᠢᠯᠡᠪᠡ᠃ ᠯᠢᠦ ᠴᠢ | ᠹᠠᠨ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠦᠯᠦᠭᠡᠯᠡᠨ ︽ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠨᠵᠡᠭᠡᠶᠢᠷᠡᠭᠦᠯᠵᠦ ᠴᠠᠬ ᠦᠶ᠎ᠡ ᠶᠢᠨ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ ᠰᠠᠬᠢᠯᠭ᠎ᠠ ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠦᠭᠵᠢᠯᠲᠡ ᠶᠢ ᠠᠬᠢᠭᠤᠯᠤᠶ᠎ᠠ︾ ᠬᠡᠭᠦ ᠰᠡᠳᠦᠪ ᠢᠶᠠᠷ ᠠᠵᠢᠯ ᠤᠨ ᠮᠡᠳᠡᠭᠦᠯᠦᠯᠳᠡ ᠬᠢᠵᠠᠢ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ | ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ | ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ | ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠪᠤᠯᠤᠨ ᠬᠤᠰᠢᠭᠤ ᠲᠡᠳ᠋ ᠰᠢᠶᠠᠨ ᠤ ᠲᠠᠰ | ᠤᠨ ᠭᠡᠷ ᠲᠡᠭᠡᠨ ᠪᠠᠶᠢᠭ᠎ᠠ ᠪᠥᠬᠦ ᠤᠳᠤᠷᠢᠳᠤᠯᠭ᠎ᠠ᠂ ᠡᠯ᠎ᠠ ᠰᠤᠮᠤ ᠪᠠᠯᠭᠠᠰᠤ ᠡᠯ᠎ᠠ ᠬᠤᠯᠪᠤᠭᠳᠠᠯ ᠪᠥᠭᠦᠢ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠣ᠋ | ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ᠃ | |