| | | | | | | | 1 ᠰᠠᠷ᠎ᠠ ᠶᠢᠨ 20 ᠤ ᠡᠳᠦᠷ᠂ ︽ᠳᠠᠯ᠎ᠠ ᠶᠢᠨ ᠨᠠᠬᠢᠶ᠎ᠠ · ᠳᠣᠮᠳᠠᠳᠣ ᠶᠢᠨ ᠬᠦᠰᠡᠯ︾ — 2019 | ᠣᠨ ᠤ ᠮᠠᠨ ᠤ ᠬᠤᠰᠢᠭᠤᠨ ᠤ ᠪᠠᠭᠠᠴᠣᠳ ᠬᠡᠣᠬᠡᠳ ᠤᠨ ᠴᠠᠭᠠᠨ ᠰᠠᠷ᠎ᠠ ᠶᠢᠨ ᠦᠳᠡᠰᠢᠯᠡᠭᠡ ᠶᠢ ᠬᠤᠰᠢᠭᠤ ᠰᠣᠶᠣᠯ | ᠳᠠᠮᠢᠷ ᠤᠨ ᠣᠷᠳᠣᠨ ᠳᠤ ᠰᠢᠩᠭᠡᠭᠡᠨ ᠦᠢᠯᠡᠳᠴᠦ ᠴᠠᠭᠠᠨ ᠰᠠᠷ᠎ᠠ ᠶᠢᠨ ᠬᠤᠭᠤᠴᠠᠭᠠᠨ ᠳᠤ ᠦᠵᠡᠭᠴᠢ | ᠲᠦᠮᠡᠨ ᠲᠠᠢ ᠪᠠᠨ ᠵᠤᠯᠭᠠᠬᠤ ᠳᠤ ᠪᠠᠯᠡᠭᠡᠨ ᠪᠤᠯᠤᠯ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠣᠬᠠᠭᠤᠯᠬᠤ ᠬᠡᠯᠳᠡᠰ ᠤᠨ ᠳᠠᠷᠤᠭ᠎ᠠ ᠹᠧᠩ ᡁᠢ ᠮᠢᠩ᠂ | ᠬᠤᠰᠢᠭᠤ ᠣᠳᠣᠷᠢᠳᠣᠯᠭ᠎ᠠ ᠸᠠᠩ ᠶᠦᠩ ᠴᠢᠩ᠂ ᠪᠠᠶᠠᠨᠴᠡᠩᠬᠡᠯ᠂ ᠯᠢ ᠬᠤᠩ ᠯᠢᠶᠠᠩ ᠦᠳᠡᠰᠢᠯᠡᠭᠡ ᠶᠢᠨ ᠠᠬᠤᠢ | ᠳᠠᠯᠠᠪᠠᠢ ᠳᠤ ᠦᠵᠡᠭᠴᠢᠳ ᠲᠦᠮᠡᠨ ᠲᠠᠢ ᠪᠠᠨ ᠬᠠᠮᠲᠣ ᠳᠣᠭᠯᠠᠯᠲᠠ ᠰᠣᠨᠢᠷᠬᠠᠪᠠ᠃ | ᠳᠣᠰ ᠣᠳᠠᠭᠠᠨ ᠤ ᠦᠳᠡᠰᠢᠯᠡᠭᠡ ᠶᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠭᠤᠣᠯᠯᠠᠨ ᠡᠷᠬᠢᠯᠡᠵᠦ ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ᠂ ᠬᠤᠰᠢᠭᠤ ᠷᠠᠳᠢᠤ᠋ ᠲᠧᠯᠸᠢᠰ | ᠦᠢᠯᠡᠴᠢᠯᠡᠬᠡᠨ ᠤ ᠲᠦᠪ ᠠᠴᠠ ᠳᠠᠭᠠᠭᠠᠴᠢᠯᠠᠨ ᠡᠷᠬᠢᠯᠡᠵᠦ ᠦᠦᠰᠢᠨ ᠬᠤᠰᠢᠭᠤᠨ ᠤ ᠪᠠ ᠪᠠ ᠶᠠ ᠰᠣᠶᠣᠯ | ᠵᠠᠭᠤᠴᠢᠯᠠᠭᠤᠷ ᠪᠠ ᠪᠢᠴᠢᠬᠠᠨ ᠣᠯᠠᠭᠠᠨᠮᠦ᠋ᠴᠢᠷ ᠠᠴᠠ ᠬᠠᠮᠵᠢᠨ ᠡᠷᠬᠢᠯᠡᠵᠡᠢ᠃ ᠦᠳᠡᠰᠢᠯᠡᠭᠡ ᠨᠢ ︽ᠪᠠᠶᠠᠷ ᠬᠦᠷ ᠲᠠᠢ | ᠴᠠᠭᠠᠨ ᠰᠠᠷ᠎ᠠ︾᠂ ︽ᠦᠨᠳᠦᠰᠦᠳᠡᠨ ᠪᠦᠬᠦᠨ ᠪᠦᠯᠬᠦᠮᠳᠡᠵᠦ ᠨᠢᠬᠡᠨ ᠬᠡᠷ ᠪᠦᠯᠢ ᠮᠡᠲᠦ︾᠂ ︽ᠣᠯᠠᠮᠵᠢᠯᠠᠯᠲᠣ | ᠰᠣᠶᠣᠯ ᠨᠢ ᠬᠡᠷ ᠤᠨ ᠰᠣᠷᠳᠠᠯ ᠤᠨ ᠴᠢᠮᠡᠭ︾᠂ ︽ᠰᠢᠨ᠎ᠡ ᠴᠠᠭ ᠦᠶ᠎ᠡ ᠶᠢᠨ ᠦᠦᠰᠢᠨ ᠤ ᠢᠷᠡᠭᠡᠳᠦᠢ︾᠂ ︽ | ᠴᠠᠶᠢᠯᠭᠠᠨ ᠰᠡᠳᠬᠢᠯ ᠢᠶᠠᠷ ᠢᠶᠠᠨ ᠳᠣᠮᠳᠠᠳᠣ ᠶᠢᠨ ᠬᠦᠰᠡᠯ ᠢ ᠳᠡᠷᠭᠡᠯᠰᠢᠬᠦᠯᠦᠶᠡ︾ ᠬᠡᠬᠦ ᠳᠦᠷᠪᠡᠨ ᠶᠡᠭᠡ ᠪᠦᠯᠦᠭ | ᠬᠤᠪᠢᠶᠠᠵᠦ ᠨᠡᠶᠢᠳᠡ 25 ᠳᠣᠭᠯᠠᠯᠲᠠ ᠭᠠᠷᠭᠠᠭᠰᠠᠨ ᠪᠠᠶᠢᠨ᠎ᠠ᠃ ︽ᠳᠠᠯ᠎ᠠ ᠨᠣᠳᠤᠭ ᠤᠨ ᠪᠢᠴᠢᠬᠠᠨ ᠣᠶᠠᠭᠠᠴᠢ︾᠂ | ︽ᠬᠡᠣᠬᠡᠳ ᠮᠣᠷᠢ ᠬᠤᠶᠠᠷ︾᠂ ︽ᠳᠣᠮᠳᠠᠳᠣ ᠶᠢᠨ ᠦᠨᠳᠦᠰᠦᠳᠡᠨ ᠤ ᠠᠴᠢᠯᠠᠬᠤ ᠶᠣᠰᠣᠨ︾᠂ ︽ᠵᠢᠪᠬᠤᠭᠠᠲᠣ | ᠪᠠᠭᠠᠴᠣᠳ︾ ᠵᠡᠷᠭᠡ ᠦᠨᠳᠦᠰᠦᠳᠡᠨ ᠤ ᠪᠦᠯᠬᠦᠮᠳᠡᠯ ᠨᠢᠬᠡᠳᠦᠯ ᠪᠠ ᠣᠯᠠᠮᠵᠢᠯᠠᠯᠲᠤ ᠰᠣᠶᠣᠯ ᠰᠣᠷᠳᠠᠯ ᠢ | ᠬᠠᠷᠠᠭᠤᠯᠣᠭᠰᠠᠨ ᠳᠣᠭᠯᠠᠯᠲᠠ ᠨᠢ ᠦᠵᠡᠭᠴᠢᠳ ᠲᠦᠮᠡᠨ ᠤ ᠬᠠᠷᠠᠭ᠎ᠠ ᠰᠣᠨᠣᠷ ᠢ ᠮᠢᠯᠢᠶᠠᠭᠰᠠᠨ ᠦᠪᠡᠷᠮᠢᠴᠡ | ᠣᠨᠴᠠᠯᠢᠭ ᠲᠠᠢ ᠰᠠᠶᠢᠬᠠᠨ ᠳᠣᠭᠯᠠᠯᠲᠠ ᠪᠣᠯᠣᠭᠰᠠᠨ ᠪᠠᠶᠢᠨ᠎ᠠ᠃ | ᠦᠳᠡᠰᠢᠯᠡᠭᠡ ᠳᠤ ᠬᠤᠰᠢᠭᠤ ᠮᠣᠩᠭᠤᠯ ᠦᠨᠳᠦᠰᠦᠳᠡᠨ ᠤ ᠳᠣᠷᠰᠢᠯᠳᠠ ᠶᠢᠨ ᠪᠠᠭ᠎ᠠ ᠰᠣᠷᠭᠠᠭᠤᠯᠢ᠂ | ᠨᠢᠭᠡᠳᠦᠭᠡᠷ ᠬᠡᠣᠬᠡᠳ ᠤᠨ ᠴᠡᠴᠡᠷᠯᠢᠭ᠂ ᠬᠤᠶᠠᠳᠣᠭᠠᠷ ᠳᠣᠷᠰᠢᠯᠳᠠ ᠶᠢᠨ ᠪᠠᠭ᠎ᠠ ᠰᠣᠷᠭᠠᠭᠤᠯᠢ᠂ ᠭᠤᠷᠪᠠᠳᠣᠭᠠᠷ | ᠳᠣᠷᠰᠢᠯᠳᠠ ᠶᠢᠨ ᠪᠠᠭ᠎ᠠ ᠰᠣᠷᠭᠠᠭᠤᠯᠢ᠂ ᠨᠢᠬᠡᠳᠦᠬᠡᠷ ᠳᠣᠮᠳᠠᠳᠣ ᠰᠣᠷᠭᠠᠭᠤᠯᠢ᠂ ᠴᠠᠭᠠᠨᠨᠠᠭᠤᠷ ᠬᠡᠣᠬᠡᠳ ᠤᠨ | ᠴᠡᠴᠡᠷᠯᠢᠭ ᠵᠢᠴᠢ ᠡᠯ᠎ᠡ ᠣᠷᠠᠯᠢᠭ ᠤᠨ ᠪᠣᠯᠪᠠᠰᠣᠷᠠᠯ ᠤᠨ ᠠᠩᠬᠢ ᠶᠢᠨ ᠬᠡᠣᠬᠡᠳ ᠪᠠᠭᠠᠴᠣᠳ ᠣᠷ᠎ᠠ ᠠᠪᠢᠶᠠᠰ ᠢᠶᠠᠨ | ᠪᠠᠳᠠᠷᠠᠭᠤᠯᠵᠦ ᠳᠠᠭᠤᠣ᠂ ᠪᠦᠵᠢᠭ᠂ ᠬᠦᠭᠵᠢᠮ᠂ ᠰᠢᠯᠦᠭ᠂ ᠱᠤᠭ ᠵᠦᠴᠦᠭᠡ ᠵᠡᠷᠭᠡ ᠡᠯᠪᠡᠭ ᠪᠠᠶᠠᠯᠢᠭ ᠳᠣᠭᠯᠠᠯᠲᠠ | ᠪᠠᠷ ᠢᠶᠠᠨ ᠦᠵᠡᠭᠴᠢᠳ ᠳᠦᠮᠡᠨ ᠢᠶᠠᠨ ᠪᠠᠶᠠᠰᠬᠠᠭᠰᠠᠨ ᠪᠠᠶᠢᠨ᠎ᠠ᠃ | | | | | | | | |