| | | | | | | | ︽ᠰᠢᠨ᠎ᠡ ᠡᠷᠡᠨ ᠤ ᠮᠠᠭᠲᠠᠭᠤ︾ — 2019 ᠤᠨ ᠤ ᠮᠤᠩᠭᠤᠯ ᠬᠡᠯᠡᠨ ᠤ ᠰᠦᠯᠵᠢᠶᠠᠨ ᠤ ᠴᠠᠭᠠᠨ | ᠰᠠᠷ᠎ᠠ ᠶᠢᠨ ᠦᠳᠡᠰᠢᠯᠡᠭᠡ ᠶᠢ 1 ᠰᠠᠷ᠎ᠠ ᠶᠢᠨ 18 ᠤ ᠡᠳᠤᠷ ᠮᠠᠨ ᠤ ᠬᠤᠰᠢᠭᠤᠨ ᠳᠤ ᠠᠮᠵᠢᠯᠲᠠ ᠲᠠᠢ ᠰᠡᠭᠦᠳᠡᠷᠯᠡᠨ | ᠰᠢᠩᠭᠡᠭᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ | ᠱᠦᠵᠢ ᠬᠤᠰᠢᠭᠤ ᠤᠷᠤᠯᠠᠭᠴᠢ ᠲᠠᠷᠤᠭ᠎ᠠ ᠵᠤᠤ ᠹᠧᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ | ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ | ᠲᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ | ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ | ᠤ ᠠᠯᠪᠠᠨ ᠭᠡᠷ ᠤᠨ ᠡᠷᠬᠢᠯᠡᠭᠴᠢ ᠵᠣᠣ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠨᠢᠭᠡᠳᠦᠮᠡᠯ ᠹᠠᠷᠤᠨᠲ ᠤᠨ ᠭᠡᠯᠲᠡᠰ ᠤᠨ ᠲᠠᠷᠤᠭ᠎ᠠ ᠠᠯᠲᠠᠨᠲᠤᠶᠠᠭ᠎ᠠ ᠦᠳᠡᠰᠢᠯᠡᠭᠡ ᠶᠢ ᠰᠤᠨᠢᠷᠬᠠᠪᠠ᠃ | ᠡᠨᠡᠬᠦ ᠦᠳᠡᠰᠢᠯᠡᠭᠡ ᠶᠢ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ᠂ ᠤᠷᠳᠤᠰ ᠬᠤᠳᠡ | ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶ᠎ᠡ ᠶᠢᠨ | ᠬᠤᠯᠪᠤᠭᠠᠨ ᠠᠴᠠ ᠭᠤᠤᠯᠯᠡᠨ ᠡᠷᠬᠢᠯᠡᠵᠦ ᠲᠤᠮᠳᠡᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ | ᠰᠦᠯᠵᠢᠶ᠎ᠠ᠂ ᠤᠷᠳᠤᠰ ᠤᠨ ᠡᠳᠦᠷ ᠤᠨ ᠰᠤᠨᠢᠨ ᠤ ᠬᠤᠷᠢᠶ᠎ᠠ᠂ ᠦᠤᠰᠢᠨ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠤᠷᠳᠤᠨ ᠵᠡᠷᠭᠡ ᠠᠴᠠ ᠲᠠᠭᠠᠭᠠᠴᠢᠯᠡᠨ ᠡᠷᠬᠢᠯᠡᠵᠡᠢ᠃ | 2019 ᠤᠨ ᠤ ᠮᠤᠩᠭᠤᠯ ᠬᠡᠯᠡᠨ ᠤ ᠰᠦᠯᠵᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠨᠢ ︽ᠰᠢᠨ᠎ᠡ | ᠡᠷᠡᠨ ᠤ ᠮᠠᠭᠲᠠᠭᠤ︾ ᠬᠡᠬᠦ ᠭᠤᠤᠯ ᠰᠡᠳᠤᠪ ᠢ ᠲᠤᠪᠤᠶᠢᠯᠭᠠᠨ ︽ᠴᠢᠳᠬᠤᠯᠠᠩ︾᠂ ︽ᠵᠢᠪᠬᠤᠯᠠᠩ︾᠂ ︽ | ᠵᠢᠷᠭᠠᠯᠠᠩ︾᠂ ︽ᠨᠠᠷᠠᠯᠠᠩ︾ ᠬᠡᠬᠦ ᠲᠦᠷᠪᠡᠨ ᠪᠦᠯᠦᠭ ᠢᠶᠠᠷ ᠪᠦᠷᠢᠯᠳᠤᠨ ᠨᠡᠶᠢᠲᠡ 18 ᠲᠤᠭᠯᠠᠯᠲᠠ ᠭᠠᠷᠭᠠᠭᠰᠠᠨ | ᠪᠠᠶᠢᠨ᠎ᠠ᠃ ᠲᠤᠰ ᠦᠳᠡᠰᠢᠯᠡᠭᠡ ᠳᠤ ᠲᠤᠯᠤᠭᠠᠨ ᠨᠠᠰᠤ ᠲᠠᠢ ᠭᠡᠤᠭᠡᠳ ᠠᠴᠠ 70 ᠨᠠᠰᠤᠲᠠᠢ ᠨᠠᠰᠤᠳᠠᠨ ᠭᠥᠷᠳᠠᠯ᠎ᠠ | ᠨᠡᠶᠢᠲᠡ 500 ᠭᠠᠷᠤᠢ ᠲᠤᠭᠯᠠᠭᠴᠢᠳ ᠤᠷᠤᠯᠴᠠᠨ ᠦᠤᠰᠢᠨ ᠬᠤᠰᠢᠭᠤᠨ ᠤ ᠤᠯᠠᠭᠠᠨᠮᠦ᠋ᠴᠢᠷ᠂ ᠦᠤᠰᠢᠨ | ᠬᠤᠰᠢᠭᠤᠨ ᠤ ᠠᠷᠠᠳ ᠤᠨ ᠤᠷᠠᠯᠢᠭᠴᠢᠳ ᠤᠨ ᠦᠪᠡᠷᠮᠢᠴᠡ ᠤᠨᠴᠠᠯᠢᠭ ᠪᠦᠬᠦᠢ ᠢᠵᠠᠭᠤᠷ ᠤᠷᠠᠯᠢᠭ ᠤᠨ ᠪᠦᠲᠦᠭᠡᠯ | ᠢᠶᠠᠷ ᠭᠤᠤᠯ ᠪᠤᠯᠭᠠᠵᠦ ᠤᠷᠳᠤᠰ ᠤᠨ ᠦᠪ ᠵᠤᠵᠠᠭᠠᠨ ᠲᠡᠥᠬᠡ ᠰᠤᠶᠤᠯ᠂ ᠦᠷᠨᠢᠨ ᠬᠦᠭᠵᠢᠭᠰᠡᠨ ᠠᠵᠤ ᠠᠬᠤᠢ᠂ | ᠵᠤᠯ ᠵᠢᠷᠭᠠᠯᠲᠤ ᠠᠷᠠᠳ ᠤᠨ ᠠᠮᠢᠳᠤᠷᠠᠯ ᠢ ᠲᠤᠰᠬᠠᠵᠤ ᠠᠬᠤᠢ ᠲᠠᠯᠠᠪᠠᠢ ᠶᠢᠨ ᠲᠤᠭᠯᠠᠯᠲᠠ᠂ ᠰᠦᠯᠵᠢᠶ᠎ᠡ᠂ ᠬᠠᠮ | ᠵᠠᠭᠤᠴᠢᠯᠠᠭᠤᠷ ᠤᠨ ᠠᠷᠭ᠎ᠠ ᠬᠡᠯᠪᠡᠷᠢ ᠪᠠᠷ ᠤᠷᠳᠤᠰ ᠤᠨ ᠠᠵᠦ ᠠᠬᠤᠢ ᠨᠡᠶᠢᠬᠡᠮ ᠰᠤᠶᠤᠯ ᠤᠨ ᠬᠦᠭᠵᠢᠯᠳᠡ ᠶᠢᠨ ︽ | ᠰᠢᠨ᠎ᠠ ᠴᠠᠭ ᠦᠶ᠎ᠠ᠂ ᠰᠢᠨ᠎ᠠ ᠲᠡᠮᠡᠴᠡᠯ᠂ ᠰᠢᠨ᠎ᠠ ᠬᠠᠷᠠᠯᠳᠡ᠂ ᠰᠢᠨ᠎ᠠ ᠵᠢᠱᠢᠶ᠎ᠠ︾ ᠶᠢ ᠬᠦᠢᠴᠡᠳ ᠲᠤᠰᠬᠠᠵᠠᠢ᠃ | ᠤᠶᠢᠯᠠᠭᠠᠭᠰᠠᠨ ᠢᠶᠠᠷ᠂ 2013 ᠤᠨ ᠠᠴᠠ ᠡᠬᠢᠯᠡᠵᠦ ᠮᠤᠩᠭᠤᠯ ᠬᠡᠯᠡᠨ ᠤ ᠰᠦᠯᠵᠢᠶᠠᠨ ᠤ ᠴᠠᠭᠠᠨ | ᠰᠠᠷ᠎ᠠ ᠶᠢᠨ ᠦᠳᠡᠰᠢᠯᠡᠭᠡ ᠶᠢ ᠤᠷᠢᠳ ᠬᠤᠵᠢᠳ ᠬᠦᠬᠡᠬᠤᠳᠡ᠂ ᠲᠦᠡᠭᠯᠢᠶᠤᠤ᠂ ᠬᠦᠯᠤᠨ ᠪᠤᠶᠢᠷ᠂ ᠰᠢᠯᠢ ᠶᠢᠨ | ᠭᠤᠤᠯ ᠠᠶᠢᠮᠠᠭ᠂ ᠠᠯᠠᠱᠠ ᠠᠶᠢᠮᠠᠭ᠂ ᠤᠯᠠᠭᠠᠨᠬᠠᠳᠡ ᠬᠤᠳᠡ ᠵᠡᠷᠬᠡ ᠠᠶᠢᠮᠠᠭ ᠬᠤᠳᠡ ᠳᠤ ᠠᠮᠵᠢᠯᠳᠡ ᠲᠠᠢ | ᠡᠷᠬᠢᠯᠡᠵᠦ ᠲᠤᠯᠤᠳᠠᠬᠢ ᠵᠢᠯ ᠤᠷᠳᠤᠰ ᠬᠤᠲᠠ ᠳᠤ ᠶᠠᠪᠤᠭᠳᠠᠵᠤ ᠦᠪᠡᠷᠳᠡᠬᠡᠨ ᠵᠠᠰᠠᠬᠤ ᠤᠷᠤᠨ ᠤ ᠨᠦᠯᠦᠬᠡ ᠪᠠᠷ | ᠬᠠᠮᠤᠭ ᠤᠨ ᠶᠡᠭᠡ ᠲᠤᠤᠷ ᠰᠦᠯᠵᠢᠶᠠᠨ ᠤ ᠤᠳᠬ᠎ᠠ ᠤᠷᠠᠯᠢᠭ ᠤᠨ ᠪᠦᠳᠦᠬᠡᠯ ᠤᠨ ᠨᠢᠬᠡ ᠪᠤᠯᠤᠭᠰᠠᠨ ᠪᠠᠶᠢᠨ᠎ᠠ᠃ | | | | | | | | | | | | | | |