ᠤᠢᠢᠷ᠎ᠠ ᠳᠤ ᠰᠤᠶᠤᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ 2018 — 2020 ᠤᠨ ᠤ | ︽ᠲᠤᠮᠳᠠᠳᠤ ᠤᠯᠤᠰ ᠤᠨ ᠠᠷᠠᠳ ᠤᠨ ᠰᠤᠶᠤᠯ ᠤᠷᠠᠯᠢᠭ ᠤᠨ ᠦᠯᠦᠭᠡᠢ︾ ᠶᠢᠨ ᠨᠡᠷᠡᠰ ᠢ ᠵᠠᠷᠯᠠᠭᠰᠠᠨ ᠲᠤᠬᠠᠢ | ᠮᠡᠳᠡᠭᠳᠡᠯ ᠨᠡᠶᠢᠳᠡᠯᠡᠪᠡ᠃ ᠮᠡᠳᠡᠭᠳᠡᠯ ᠳᠤ᠂ 175 ᠰᠢᠶᠠᠩ ᠪᠠᠯᠭᠠᠰᠤ 2018 — 2020 ᠤᠨ ᠤ ︽ | ᠲᠤᠮᠳᠠᠳᠤ ᠤᠯᠤᠰ ᠤᠨ ᠠᠷᠠᠳ ᠤᠨ ᠰᠤᠶᠤᠯ ᠤᠷᠠᠯᠢᠭ ᠤᠨ ᠦᠯᠦᠭᠡᠢ︾ ᠶᠢᠨ ᠨᠡᠷᠡᠰ ᠲᠤ ᠵᠢᠬᠰᠠᠭᠠᠬᠳᠠᠵᠦ᠂ ᠦᠪᠤᠷ | ᠮᠤᠩᠭᠤᠯ ᠤᠨ 5 ᠭᠠᠵᠠᠷ ᠨᠡᠷᠡᠰ ᠤᠨ ᠵᠢᠭᠰᠠᠭᠠᠯ ᠳᠤ ᠲᠤᠳᠤᠷᠠᠬᠰᠠᠨ ᠪᠠᠶᠢᠪᠠ᠃ ᠡᠨᠡ ᠲᠠᠪᠤᠨ ᠭᠠᠵᠠᠷ ᠪᠤᠯ᠄ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠭᠤᠳᠤ ᠬᠤᠳᠠ ᠶᠢᠨ ᠲᠦᠮᠡᠳ ᠪᠠᠷᠠᠭᠤᠨ | ᠬᠤᠰᠢᠭᠤ ᠲᠠᠭᠠᠷᠢᠯᠴᠠᠭ᠎ᠠ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠡᠭᠯᠢᠶᠤᠤ ᠬᠤᠳᠠ ᠶᠢᠨ ᠬᠦᠷᠢᠶ᠎ᠠ ᠬᠤᠰᠢᠭᠤ | ᠠᠨᠳᠠᠢ ᠪᠦᠵᠢᠭ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠦᠤᠰᠢᠨ ᠬᠤᠰᠢᠭᠤ | ᠵᠢᠷᠤᠭ᠎ᠠ ᠮᠤᠷᠢ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠯᠦᠨ ᠪᠦᠢᠷ ᠤᠨ ᠭᠡᠭᠡᠨ ᠭᠤᠤᠯ ᠬᠤᠳᠠ ᠶᠢᠨ | ᠤᠯᠭᠤᠶᠠ ᠡᠸᠡᠩᠬᠢ ᠦᠨᠳᠤᠰᠤᠳᠡᠨ ᠤ ᠰᠢᠶᠠᠩ ᠴᠠ ᠪᠤᠭᠤ ᠶᠢᠨ ᠰᠤᠶᠤᠯ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠬᠦᠪᠡᠭᠡᠳᠤ ᠰᠢᠷ᠎ᠠ | ᠬᠤᠰᠢᠭᠤ ᠠᠰᠤᠷᠤ ᠤᠷᠠᠯᠢᠭ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠦᠤᠰᠢᠨ ᠬᠤᠰᠢᠭᠤᠨ ᠤ | ᠵᠢᠷᠤᠭ᠎ᠠ ᠮᠤᠷᠢ | ᠦᠤᠰᠢᠨ ᠬᠤᠰᠢᠭᠤ ᠪᠤᠯ ︽ᠦᠤᠰᠢᠨ ᠵᠢᠷᠤᠭ᠎ᠠ ᠮᠤᠷᠢ︾ ᠶᠢᠨ ᠡᠬᠦᠰᠦᠯ ᠭᠠᠵᠠᠷ ᠬᠡᠯᠳᠡᠢ᠃ ᠶᠤᠸᠠᠨ | ᠤᠯᠤᠰ ᠤᠨ ᠦᠶ᠎ᠠ ᠳᠤ ᠡ᠊ᠨᠳᠡ ᠠᠯᠪᠠᠨ ᠠᠴᠠ ᠡᠷᠬᠢᠯᠡᠭᠰᠡᠨ ᠴᠠᠭᠠᠨᠨᠠᠭᠤᠷ ᠮᠠᠯᠵᠢᠯ ᠤᠨ ᠲᠠᠯᠠᠪᠠᠢ ᠬᠡᠵᠦ ᠪᠠᠶᠢᠵᠤ᠂ | ᠠᠳᠤᠭᠤᠨ ᠤ ᠦᠢᠯᠡᠰ ᠤᠷᠢᠳ ᠭᠠᠷᠤᠭ᠎ᠠ ᠦᠬᠡᠢ ᠴᠡᠴᠡᠭᠯᠡᠨ ᠬᠦᠭᠵᠢᠵᠤ᠂ ᠵᠢᠷᠤᠭ᠎ᠠ ᠮᠤᠷᠢᠨ ᠤ ᠤᠷᠤᠯᠳᠤᠭᠠᠨ ᠨᠢ | ᠠᠷᠠᠳ ᠲᠤ ᠶᠡᠬᠡᠪᠡᠷ ᠬᠦᠷᠢᠶᠡᠯᠡᠭᠳᠡᠵᠦ ᠪᠠᠶᠢᠵᠡᠢ᠃ | ᠤᠳᠤ ᠴᠤ ᠬᠡᠰᠡᠨ ᠦᠤᠰᠢᠨ ᠨᠤᠳᠤᠭ ᠲᠤ ᠠᠳᠤᠭᠤᠨ ᠰᠤᠶᠤᠯ ᠤᠨ ᠰᠤᠳᠤᠯᠭᠠᠨ ᠵᠢᠴᠢ ᠡᠮᠨᠢᠭ ᠰᠤᠷᠭᠠᠬᠤ | ᠪᠠᠭ᠋ᠠᠲᠠᠢ ᠮᠠᠯᠴᠢᠨ ᠠᠷᠪᠢᠨ ᠪᠠᠶᠢᠵᠤ᠂ ︽ᠠᠳᠤᠭᠤᠨ ᠰᠤᠶᠤᠯ ᠤᠨ ᠲᠤᠭᠤᠢᠢᠯᠠᠩ︾ ᠵᠡᠷᠭᠡ ᠠᠷᠠᠳ ᠤᠨ ᠵᠤᠬᠢᠶᠠᠨ | ᠪᠠᠶᠢᠭᠤᠯᠤᠯᠳᠠ ᠪᠠᠶᠢᠭᠤᠯᠤᠭᠳᠠᠵᠤ᠂ ᠦᠪᠡᠷᠮᠢᠴᠡ ᠤᠨᠴᠠᠯᠢᠭ ᠪᠦᠬᠦᠢ ᠵᠢᠷᠤᠭ᠎ᠠ ᠮᠤᠷᠢᠨ ᠤ ᠰᠤᠶᠤᠯ ᠪᠤᠯᠵᠦ | ᠪᠦᠷᠢᠯᠳᠦᠭᠰᠡᠨ ᠪᠠᠶᠢᠳᠠᠭ᠃ 2017 ᠤᠨ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠦᠤᠰᠢᠨ ᠬᠤᠰᠢᠭᠤ ᠪᠤᠭᠤᠨᠢ ᠺᠢᠨᠣ᠋ ︽ | ᠮᠠᠩᠨᠠᠶᠢᠪᠴᠢ ᠲᠠᠢ ᠵᠢᠷᠤᠭ᠎ᠠ ᠮᠤᠷᠢ︾ ᠶᠢ ᠦᠢᠯᠡᠳᠴᠤ ᠪᠡᠯᠡᠭ ᠪᠤᠯᠭᠠᠨ ᠡᠷᠬᠦᠨ ᠲᠡᠪᠰᠢᠬᠦᠯᠵᠡᠢ᠃ |