︵ᠳᠤᠮᠳᠠᠳᠦ ᠤᠯᠤᠰ ᠤᠨ ᠡᠪ ᠬᠠᠮᠲᠦ ᠨᠠᠮ ᠤᠨ ᠦᠦᠰᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠭᠦᠳᠡ ᠬᠤᠷᠠᠯᠳᠤᠭᠠᠨ ᠢᠶᠠᠷ ᠪᠠᠳᠤᠯᠠᠪᠠ︶ | | | | | ᠳᠤᠮᠳᠠᠳᠦ ᠤᠯᠤᠰ ᠤᠨ ᠡᠪ ᠬᠠᠮᠲᠦ ᠨᠠᠮ ᠤᠨ ᠦᠦᠰᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠭᠦᠳᠡ ᠬᠤᠷᠠᠯᠳᠤᠭᠠᠨ ᠵᠢᠴᠢ ᠪᠦᠬᠦ ᠬᠤᠰᠢᠭᠤᠨ ᠤ ᠠᠵᠤ | ᠠᠬᠤᠢ ᠶᠢᠨ ᠠᠵᠢᠯ ᠤᠨ ᠬᠤᠷᠠᠯᠳᠤᠭᠠᠨ 2019 ᠣᠨ ᠤ 1 ᠰᠠᠷ᠎ᠠ ᠶᠢᠨ 23 ᠳᠤ ᠭᠠᠯᠠᠭᠤᠲᠦ ᠪᠠᠯᠭᠠᠰᠤᠨ ᠳᠤ | ᠬᠤᠷᠠᠯᠳᠤᠭᠰᠠᠨ ᠪᠠᠶᠢᠨ᠎ᠠ᠃ | ᠪᠦᠭᠦᠳᠡ ᠬᠤᠷᠠᠯᠳᠤᠭᠠᠨ ᠳᠤ ᠤᠷᠤᠯᠴᠠᠬᠤ ᠶᠤᠰᠤᠲᠠᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ 31 ᠪᠠᠶᠢᠵᠤ᠂ ᠣᠷᠣᠯᠠᠭᠴᠢ ᠭᠡᠰᠢᠭᠦᠨ 5 ᠬᠦᠮᠦᠨ ᠪᠤᠢ᠃ ᠬᠤᠰᠢᠭᠤ ᠬᠠᠮᠢᠶ᠎ᠠ ᠪᠦᠬᠦᠢ ᠤᠳᠤᠷᠢᠳᠤᠯᠭ᠎ᠠ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠮᠢᠶ᠎ᠠ ᠪᠦᠬᠦᠢ ᠬᠠᠷᠢᠭᠤᠴᠠᠯᠭᠠᠲᠠᠨ ᠪᠤᠯᠤᠨ | ᠦᠪᠡᠷᠳᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ᠂ ᠬᠤᠲᠠ ᠶᠢᠨ | ᠳᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ᠂ ᠬᠤᠰᠢᠭᠤ ᠠᠷᠪᠠᠨ ᠲᠠᠪᠤᠳᠤᠭᠠᠷ | ᠬᠤᠭᠤᠴᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠭᠡᠰᠡᠭ | ᠲᠦᠯᠦᠭᠡᠯᠡᠭᠴᠢᠳ ᠬᠤᠷᠠᠯ ᠳᠤ ᠰᠤᠯᠠ ᠤᠷᠤᠯᠴᠠᠪᠠ᠃ | ᠬᠤᠷᠠᠯ ᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠨ ᠬᠤᠷᠠᠯᠳᠤᠭᠤᠯᠵᠤ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠣᠷᠣᠯᠠᠭᠴᠢ ᠳᠠᠷᠤᠭ᠎ᠠ ᠵᠤᠤ ᠹᠸᠢ ᠯᠦ ᠲᠤᠰ ᠲᠤᠰ ᠶᠠᠷᠢᠶ᠎ᠠ ᠲᠠᠯᠪᠢᠪᠠ᠃ | | | | | | | | | | ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠠᠷᠪᠠᠳᠤᠭᠠᠷ ᠬᠤᠭᠤᠴᠠᠭᠠᠨ ᠤ | ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ | ᠳᠣᠯᠣᠳᠣᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ | ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ | 2018 ᠣᠨ ᠤ ᠠᠵᠢᠯ ᠢ ᠮᠡᠳᠡᠬᠦᠯᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠭᠦ | ᠬᠤᠰᠢᠭᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠤᠭᠰᠠᠨ ᠪᠠᠶᠢᠨ᠎ᠠ᠃ | ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠨᠢᠭᠡ ᠵᠢᠯ ᠤᠨ ᠲᠤᠷᠰᠢᠬᠢ | ᠠᠵᠢᠯ ᠳᠤ ᠬᠦᠢᠴᠡᠳ ᠨᠣᠳᠠᠯᠠᠯᠲᠠ ᠥᠭᠪᠡ᠃ ᠲᠠᠶᠠᠭᠠᠷ ᠤᠨ ᠦᠵᠡᠬᠦ ᠪᠠᠷ᠂ ᠬᠤᠰᠢᠭᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠨᠢ ᠨᠠᠮ ᠤᠨ ᠪᠠᠶᠢᠭᠤᠯᠤᠯᠲᠠ ᠪᠠᠷ ᠶᠡᠷᠦᠩᠬᠡᠢ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠠᠵᠢᠯ ᠢᠶᠠᠨ ᠲᠦᠪᠯᠡᠷᠡᠭᠦᠯᠣᠨ ᠵᠥᠪ ᠴᠢᠭᠯᠡᠯ ᠢ ᠡᠵᠡᠮᠳᠡᠵᠦ | ᠰᠡᠳᠬᠢᠴᠡ ᠪᠠᠨ ᠴᠡᠭᠴᠡᠯᠡᠨ ᠡᠬᠢᠯᠡᠯᠲᠡ ᠶᠢ ᠪᠠᠳᠣᠯᠠᠵᠦ ᠡᠷᠴᠢ ᠵᠣᠷᠢᠭ ᠢᠶᠠᠨ ᠪᠠᠳᠠᠷᠠᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠵᠤ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠦ ᠬᠦᠴᠢᠷ ᠢ ᠰᠦᠷᠦᠵᠦ ᠡᠷᠡᠮᠡᠬᠡᠶᠢᠯᠡᠨ ᠤᠷᠤᠭᠰᠢᠯᠠᠵᠦ ᠡᠯ᠎ᠡ ᠲᠦᠷᠦᠯ ᠤᠨ ᠠᠵᠢᠯ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠠᠯᠬᠤᠵᠤ | ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶᠢᠨ᠎ᠠ ᠭᠡᠪᠡ᠃ | ᠬᠤᠷᠠᠯ ᠠᠴᠠ ᠢᠯᠡᠷᠬᠡᠶᠢᠯᠡᠬᠦ ᠳᠤ ᠪᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠨᠣᠭᠤᠭᠠᠨᠴᠢᠯᠠᠭᠰᠠᠨ | ᠮᠠᠨᠳᠣᠯᠳᠠ ᠶᠢ ᠪᠡᠶᠡᠯᠡᠭᠦᠯᠬᠦ ᠪᠣᠯ ᠮᠠᠨ ᠤ ᠬᠤᠰᠢᠭᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ | ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠤᠯᠤᠨ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠤ ᠪᠤᠲᠠᠲᠠᠢ ᠢᠯᠡᠷᠡᠯ ᠪᠠᠶᠢᠵᠤ | ᠰᠢᠨ᠎ᠡ ᠬᠦᠭᠵᠢᠯᠲᠡ ᠶᠢᠨ ᠤᠨᠤᠯᠵᠢᠭᠤᠨ ᠢ ᠦᠢᠯᠡᠳᠦᠯᠭᠡᠵᠢᠭᠦᠯᠤᠨ ᠡᠯ᠎ᠡ ᠲᠦᠷᠦᠯ ᠤᠨ ᠠᠵᠢᠯ ᠦᠢᠯᠡᠰ ᠢ ᠨᠡᠩ | ᠦᠨᠳᠦᠷ ᠲᠡᠰ ᠲᠠᠪᠬᠤᠷᠭ᠎ᠠ ᠲᠡᠰᠢ ᠠᠬᠢᠭᠤᠯᠤᠭᠰᠠᠨ ᠤ ᠪᠤᠲᠠᠲᠠᠢ ᠦᠢᠯᠡ ᠠᠵᠢᠯᠯᠠᠭ᠎ᠠ ᠪᠣᠯᠬᠤ ᠶᠤᠮ᠃ ᠡᠷᠬᠡᠪᠰᠢ | ᠲᠡᠦᠬᠡᠨ ᠣᠷᠴᠢᠨ᠂ ᠠᠭᠤᠯᠤᠭᠳᠠᠬᠤᠨ᠂ ᠬᠦᠭᠵᠢᠯᠲᠡ ᠶᠢᠨ ᠵᠠᠮ ᠪᠤᠯᠤᠨ ᠬᠠᠷᠠᠯᠲᠠ ᠶᠢ ᠤᠨᠤᠪᠴᠢᠲᠠᠢ ᠠᠳᠬᠤᠵᠤ᠂ | ︽ᠵᠢᠷᠭᠤᠭᠠᠨ ᠶᠡᠭᠡ ᠠᠵᠠ ᠲᠤᠬᠢᠶᠠᠯ︾᠂ ︽ᠵᠢᠷᠭᠤᠭᠠᠨ ᠶᠡᠭᠡ ᠳᠠᠪᠠᠭᠤᠯᠢᠭ ᠲᠠᠯ᠎ᠠ︾ ᠶᠢ ᠰᠠᠶᠢᠲᠤᠷ ᠠᠰᠢᠭᠯᠠᠨ | ᠮᠠᠨ ᠤ ᠬᠤᠰᠢᠭᠤ ᠪᠠᠨ ᠮᠤᠤᠠᠤᠰᠤ ᠶᠢᠨ ᠦᠷᠦᠴᠡᠨ ᠳᠠᠬᠢ ᠡᠯᠡᠰᠦᠷᠭᠡᠭ ᠲᠠᠯ᠎ᠠ ᠶᠢᠨ ᠨᠡᠷᠡᠲᠦ ᠬᠤᠲᠠ ᠪᠤᠯᠭᠠᠨ | ᠴᠤᠭᠴᠠᠯᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃ | ᠬᠤᠷᠠᠯ ᠠᠴᠠ ᠵᠢᠭᠠᠬᠤ ᠳᠤ ᠪᠠᠨ᠂ 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 | ᠵᠢᠯ ᠤᠨ ᠤᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠪᠠᠰᠠ ᠴᠤ ︽ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠣᠨ᠂ ᠨᠤᠮᠢᠨ ᠲᠠᠩᠰᠤᠭ ᠬᠦᠭᠵᠢᠨ ᠮᠠᠨᠳᠣᠯᠳᠠ ᠶᠢ ᠪᠡᠶᠡᠯᠡᠭᠦᠯᠬᠦ︾ ᠴᠢᠬᠤᠯᠠ ᠨᠢᠭᠡ ᠵᠢᠯ ᠪᠣᠯᠤᠨ᠎ᠠ᠃ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠬᠤᠳᠠ ᠶᠢᠨ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠦ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠤ ᠳᠡᠭᠡᠳᠦ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠨ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ ᠨᠡᠮᠡᠭᠳᠡᠯ ᠢ ᠳᠣᠭᠳᠠᠭᠤᠨ ᠪᠠᠶᠢᠯᠭᠠᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠲᠡᠢ ᠠᠬᠢᠭᠤᠯᠤᠨ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠵᠦ | ᠬᠥᠭᠵᠢᠯᠲᠡ ᠂ ᠠᠮᠢ ᠠᠬᠤᠶ᠂ ᠠᠷᠠᠳ ᠤᠨ ᠠᠮᠢᠳᠤᠷᠠᠯ᠂ ᠲᠣᠭᠲᠠᠭᠤᠨ ᠪᠠᠶᠢᠳᠠᠯ᠂ ᠴᠢᠬᠡᠴᠢ ᠵᠠᠰᠠᠭᠯᠠᠯ ᠤᠨ ᠲᠠᠪᠤᠨ | ᠵᠤᠷᠪᠤᠰ ᠬᠤᠷᠢᠭ᠎ᠠ ᠱᠤᠭᠤᠮ ᠢ ᠪᠠᠷᠢᠮᠲᠠᠯᠠᠨ ᠴᠢᠨᠠᠷ ᠰᠠᠶᠢᠲᠠᠢ ᠬᠥᠭᠵᠢᠯᠲᠡ ᠶᠢᠨ ᠶᠠᠪᠣᠴᠠ ᠳᠠᠬᠢ ᠨᠤᠮᠢᠨ ᠲᠠᠩᠰᠤᠭ | ᠬᠦᠭᠵᠢᠨ ᠮᠠᠨᠳᠣᠯᠳᠠ ᠶᠢᠨ ᠵᠠᠮ ᠢᠶᠠᠷ ᠵᠠᠮᠨᠠᠵᠦ ᠠᠷᠠᠳ ᠤᠯᠠᠨ ᠤ ᠬᠦᠷᠳᠡᠭᠡᠮᠵᠢ᠂ ᠵᠣᠯ ᠵᠢᠷᠭᠠᠯ᠂ ᠠᠮᠤᠷ | ᠲᠦᠪᠰᠢᠨ ᠤ ᠲᠦᠷᠦᠭᠳᠡᠯ ᠢ ᠨᠡᠮᠡᠭᠳᠡᠭᠦᠯᠤᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠳᠣᠯᠠᠵᠦ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠳᠤ ᠡᠴᠦᠰ ᠤᠨ ᠰᠢᠢᠳᠪᠦᠷᠢᠯᠡᠭᠴᠢ ᠰᠠᠭᠤᠷᠢ ᠶᠢ ᠲᠠᠯᠪᠢᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠬᠦ ᠬᠡᠷᠡᠭᠳᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦ ᠲᠠᠯᠪᠢᠨ ᠰᠡᠷᠭᠡᠶᠢᠯᠡᠨ | ᠠᠷᠢᠯᠭᠠᠵᠦ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠪᠠᠲᠤ ᠰᠠᠶᠢᠲᠤᠷ ᠬᠢᠵᠦ | ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠦᠨ ᠪᠣᠵᠠᠭᠠᠶᠢᠷᠠᠭᠤᠯᠤᠨ ᠲᠦᠷᠤᠯ ᠵᠦᠢᠯ ᠪᠣᠯᠤᠨ ᠪᠡᠯᠡ | ᠣᠷᠣᠭᠤᠯᠤᠯᠲᠠ ᠶᠢᠨ ᠠᠵᠢᠯ ᠢ ᠴᠢᠩᠭ᠎ᠠ ᠠᠳᠬᠤᠵᠦ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠪᠠ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ ᠭᠦᠨᠵᠡᠭᠡᠶ ᠰᠤᠳᠤᠯᠤᠨ ᠪᠠᠯᠠ | ᠣᠷᠣᠭᠤᠯᠤᠯᠲᠠ ᠶᠢ ᠳᠠᠶᠢᠴᠢᠯᠠᠬᠤ ᠠᠵᠠ ᠲᠣᠬᠢᠶᠠᠯ ᠢ ᠠᠳᠬᠤᠵᠤ ᠲᠦᠷᠦᠯ ᠵᠣᠶᠢᠯ ᠤᠨ ᠪᠠᠶᠢᠭᠤᠯᠤᠯᠲᠠ᠂ ᠪᠡᠯᠡ | ᠤᠷᠤᠭᠤᠯᠤᠯᠲᠠ ᠶᠢᠨ ᠳᠠᠯ᠎ᠠ ᠪᠠᠷ ᠢᠯᠡᠳᠳᠡ ᠠᠮᠵᠢᠯᠲᠠ ᠭᠠᠷᠭᠠᠬᠤ ᠬᠡᠷᠡᠭᠲᠡᠢ᠃ ᠤᠳᠤ ᠦᠶ᠎ᠡ ᠶᠢᠨ ᠡᠨᠧᠷᠭᠢ ᠶᠢᠨ | ᠰᠤᠷᠪᠤᠯᠵᠢ ᠶᠢᠨ ᠠᠵᠤ ᠠᠬᠤᠶ ᠶᠢ ᠬᠦᠴᠦᠷᠬᠡᠭᠵᠢᠭᠦᠯᠦᠨ ᠰᠢᠯᠢᠳᠡᠭᠵᠢᠬᠦᠯᠵᠦ ᠡᠨᠧᠷᠭᠢ ᠶᠢᠨ ᠰᠤᠷᠪᠤᠯᠵᠢ ᠶᠢᠨ | ᠬᠠᠩᠭᠠᠯᠲᠠ ᠶᠢᠨ ᠰᠢᠰᠲ᠋ᠧᠮ ᠢ ᠪᠠᠶᠢᠭᠤᠯᠤᠨ ᠳᠡᠯᠡᠬᠡᠶ ᠶᠢᠨ ᠲᠡᠷᠢᠭᠦᠨ ᠵᠡᠷᠭᠡ ᠶᠢᠨ ᠤᠳᠤ ᠦᠶ᠎ᠡ ᠶᠢᠨ ᠨᠡᠭᠦᠷᠡᠰᠦᠨ ᠤ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠯᠡᠯ ᠢ ᠪᠤᠢ ᠪᠣᠯᠭᠠᠵᠦ ᠰᠢᠨ᠎ᠡ ᠬᠥᠳᠡᠯᠭᠡᠭᠴᠢ | ᠡᠨᠧᠷᠭᠢ᠂ ᠰᠢᠨ᠎ᠡ ᠨᠡᠮᠡᠭᠳᠡᠯ ᠤᠨ ᠲᠦᠢᠯ ᠪᠠ ᠰᠣᠶᠣᠯ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠤᠨ | ᠣᠳᠣᠬᠢᠴᠢᠯᠠᠭᠰᠠᠨ ᠡᠳ᠋ ᠪᠠᠷᠠᠭᠠᠨ ᠤ ᠭᠦᠢᠯᠭᠡᠭᠡ ᠪᠣᠯᠤᠨ ᠰᠢᠨ᠎ᠡ ᠪᠠᠷ ᠦᠷᠨᠢᠭᠰᠡᠨ ᠠᠵᠤ ᠦᠢᠯᠡᠰ ᠤᠨ ᠬᠦᠭᠵᠢᠯᠳᠡ | ᠶᠢ ᠠᠬᠢᠭᠤᠯᠬᠤ ᠬᠡᠷᠡᠭᠳᠡᠢ᠃ ᠰᠠᠭᠤᠷᠢ ᠲᠥᠬᠦᠭᠡᠷᠦᠮᠵᠢ ᠶᠢᠨ ᠳᠣᠳᠠᠭᠤᠳᠠᠯ ᠢ ᠨᠥᠬᠦᠪᠥᠷᠢᠯᠡᠵᠦ ᠰᠠᠭᠤᠷᠢ | ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠬᠦᠯᠳᠡᠷᠵᠢᠬᠦᠯᠦᠨ᠂ ᠪᠣᠰᠤᠭ᠎ᠠ ᠴᠤᠭᠴᠠᠲᠤ ᠵᠠᠮ ᠬᠠᠷᠢᠯᠴᠠᠭᠠᠨ | ᠤ ᠰᠢᠰᠲ᠋ᠧᠮ ᠢ ᠪᠠᠶᠢᠭᠤᠯᠵᠦ ᠤᠰᠤᠨ ᠠᠰᠢᠭᠯᠠᠯᠲᠠ ᠶᠢᠨ ᠳᠦᠬᠦᠭᠡᠷᠦᠮᠵᠢ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠤᠨ ᠴᠠᠬᠢᠯᠭᠠᠨ ᠬᠦᠴᠦᠨ ᠤ ᠬᠠᠩᠭᠠᠮᠵᠢ ᠶᠢ ᠪᠠᠲᠤᠯᠠᠵᠦ ᠮᠠᠯᠵᠢᠬᠤ ᠲᠠᠷᠢᠶᠠᠯᠠᠬᠤ ᠣᠷᠣᠨ᠂ | ᠢᠯᠠᠩᠭᠤᠶ᠎ᠠ ᠰᠠᠭᠤᠭᠠᠯᠢ ᠠᠷᠠᠳ ᠲᠦᠪᠯᠡᠷᠡᠭᠰᠡᠨ ᠭᠠᠵᠠᠷ ᠲᠠᠬᠢ ᠴᠡᠪᠡᠷ ᠡᠨᠧᠷᠭᠢ ᠶᠢᠨ ᠬᠡᠷᠡᠭᠯᠡᠬᠦ ᠨᠤᠷᠮ᠎ᠠ ᠪᠠ ᠮᠡᠳᠡᠭᠡ | ᠵᠠᠩᠭᠢ ᠶᠢᠨ ᠲᠣᠣᠷ ᠰᠦᠯᠵᠢᠶᠡᠨ ᠤ ᠪᠦᠷᠬᠦᠴᠡ ᠶᠢ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠠᠵᠢᠯ ᠢ ᠠᠬᠢᠭᠤᠯᠵᠦ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ | ᠡᠬᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠤᠨ ᠬᠤᠳᠠ ᠶᠢᠨ ᠠᠭᠤᠯᠤᠭᠳᠠᠬᠤᠨ ᠮᠠᠶ᠋ᠢᠭ ᠤᠨ | ᠬᠥᠭᠵᠢᠯᠲᠡ ᠶᠢᠨ ᠵᠠᠮ ᠢᠶᠠᠷ ᠶᠠᠪᠤᠵᠤ ᠳᠡᠰ ᠳᠠᠪᠰᠢᠯᠳᠠ ᠲᠠᠢ᠂ ᠴᠢᠨᠠᠷ ᠴᠢᠨᠰᠠᠭ᠎ᠠ ᠲᠠᠢ᠂ ᠪᠣᠯᠪᠠᠰᠣᠨ ᠮᠣᠷᠠᠯ ᠲᠠᠢ᠂ | ᠨᠡᠷᠡᠲᠤ ᠲᠡᠮᠳᠡᠭ ᠲᠠᠢ ᠬᠤᠲᠠ ᠶᠢ ᠬᠦᠴᠦ ᠲᠠᠯᠪᠢᠵᠦ ᠡᠭᠦᠳᠦᠨ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ | ᠲᠥᠯᠥᠪᠵᠢᠭᠦᠯᠭᠡ ᠲᠥᠰᠦᠯ ᠢ ᠨᠠᠶᠢᠷᠠᠭᠤᠯᠤᠨ ᠵᠣᠬᠢᠶᠠᠬᠤ᠂ ᠠᠵᠤ ᠠᠬᠤᠢ ᠶᠢᠨ ᠬᠦᠭᠵᠢᠯᠲᠡ᠂ ᠬᠦᠮᠦᠨ ᠠᠷᠠᠳ ᠤᠨ | ᠣᠷᠣᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠ ᠡᠬᠢ ᠪᠠᠶᠠᠯᠢᠭ ᠡᠳ᠋ ᠬᠦᠷᠦᠩᠬᠡ ᠶᠢ | ᠪᠠᠶᠠᠯᠢᠭ ᠪᠤᠯᠭᠠᠬᠤ ᠠᠵᠢᠯ ᠢ ᠴᠢᠩᠭ᠎ᠠ ᠠᠳᠬᠤᠵᠦ ᠠᠶᠢᠯ ᠳᠤᠰᠬᠤᠨ ᠤ ᠲᠦᠷᠦᠯ ᠵᠦᠢᠯ ᠢ ᠵᠦᠢ ᠵᠤᠬᠢᠰᠲᠠᠢ | ᠬᠤᠪᠢᠶᠠᠷᠢᠯᠠᠨ ᠭᠤᠤᠯᠳᠠᠯᠭᠠᠲᠠᠢ ᠳᠦᠰᠦᠯ ᠢ ᠪᠡᠯᠡᠳᠬᠡᠵᠦ ᠪᠠᠶᠢᠭᠤᠯᠤᠯᠲᠠ ᠶᠢᠨ ᠠᠬᠢᠴᠠ ᠶᠢ ᠲᠥᠯᠥᠪᠯᠡᠨ ᠪᠡᠯᠡ | ᠣᠷᠣᠭᠤᠯᠤᠯᠲᠠ ᠶᠢᠨ ᠬᠡᠮᠵᠢᠶ᠎ᠡ ᠶᠢ ᠨᠠᠷᠢᠪᠴᠢᠯᠠᠵᠤ ᠵᠢᠱᠢᠶ᠎ᠡ ᠦᠵᠡᠬᠦᠯᠬᠦ ᠠᠶᠢᠯ ᠳᠤᠰᠬᠤᠨ ᠢ ᠰᠠᠶᠢᠳᠣᠷ | ᠬᠡᠷᠡᠭᠵᠢᠭᠦᠯᠦᠨ ᠳᠦᠰᠥᠯ ᠤᠨ ᠬᠡᠷᠡᠭᠴᠡᠭᠡᠲᠦ ᠴᠢᠨᠠᠷ ᠪᠤᠯᠤᠨ ᠬᠡᠷᠡᠭᠵᠢᠬᠦᠯᠬᠦ ᠴᠢᠨᠠᠷ ᠢ ᠴᠢᠩᠭᠠᠳᠬᠠᠵᠦ ᠬᠥᠳᠡᠭᠡ | ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠤᠯᠭ᠎ᠠ ᠶᠢ ᠪᠤᠳᠠᠲᠠᠶᠢᠵᠢᠭᠤᠯᠤᠨ ᠡᠮᠦᠨ᠎ᠡ ᠡᠩᠨᠡᠭᠡᠨ ᠳᠤ | ᠤᠷᠤᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠳᠠᠯ᠎ᠠ ᠪᠠᠷ ᠦᠷᠭᠦᠯᠵᠢᠯᠡᠨ | ᠬᠦᠴᠦᠯᠡᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠣᠷᠢᠵᠢᠭᠤᠯᠵᠦ ᠨᠡᠭᠡᠭᠡᠯᠲᠡᠲᠦ | ᠬᠥᠭᠵᠢᠯᠲᠡ ᠶᠢᠨ ᠣᠷᠣᠨ ᠵᠠᠶ ᠶᠢ ᠢᠳᠡᠪᠬᠢᠲᠡᠶ ᠪᠠᠷ ᠦᠷᠭᠡᠳᠬᠡᠨ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ | ᠬᠤᠲᠠ ᠶᠢᠨ ᠰᠦᠷᠦᠭᠵᠢᠯ ᠬᠥᠭᠵᠢᠯᠲᠡ ᠶᠢᠨ ᠶᠡᠭᠡ ᠲᠠᠯ᠎ᠠ ᠳᠤ ᠠᠭᠤᠰᠣᠨ ᠣᠷᠣᠵᠤ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠦᠭᠵᠢᠬᠡᠨ ᠲᠦᠷᠦ ᠶᠢᠨ ᠪᠣᠳᠣᠯᠭ᠎ᠠ ᠶᠢ ᠬᠡᠷᠡᠭᠵᠢᠬᠦᠯᠬᠦ ᠶᠢ | ᠴᠢᠩᠭᠠᠳᠬᠠᠵᠦ ᠴᠠᠭ ᠲᠤᠬᠠᠶ ᠳᠤᠨᠢ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ | ᠥᠭᠬᠦ ᠬᠡᠷᠡᠭᠲᠡᠶ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠦ ᠪᠦᠬᠦ | ᠬᠦᠴᠦ ᠪᠠᠷ ᠢᠶᠠᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠨ ᠰᠤᠷᠭᠠᠨ ᠬᠥᠮᠦᠵᠢᠯ ᠢ ᠠᠳᠬᠤᠵᠦ ᠡᠷᠡᠭᠦᠯ | ᠡᠩᠭᠡ ᠶᠢᠨ ᠣᠶᠢᠯᠡᠰ ᠢ ᠪᠦᠬᠦ ᠲᠠᠯ᠎ᠠ ᠪᠠᠷ ᠠᠬᠢᠭᠤᠯᠣᠨ ᠰᠣᠶᠣᠯ ᠢ ᠬᠦᠴᠦ ᠪᠠᠨ ᠲᠥᠪᠯᠡᠷᠡᠭᠦᠯᠦᠨ ᠮᠠᠨᠳᠣᠭᠤᠯᠵᠦ | ᠦᠨᠳᠦᠰᠦᠲᠡᠨ ᠤ ᠪᠦᠯᠬᠦᠮᠳᠡᠯ ᠪᠠ ᠨᠡᠶᠢᠬᠡᠮ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠳᠣᠯᠠᠨ ᠨᠡᠶᠢᠭᠡᠮ ᠤᠨ | ᠠᠮᠤᠷ ᠲᠦᠪᠰᠢᠨ ᠢ ᠬᠠᠮᠠᠭᠠᠯᠠᠬᠤ᠂ ᠠᠶᠤᠯᠭᠦᠶ ᠦᠢᠯᠡᠳᠪᠦᠷᠢᠯᠡᠯ᠂ ᠢᠳᠡᠭᠡᠨ ᠡᠮ ᠤᠨ ᠵᠦᠢᠯᠡᠰ ᠤᠨ ᠠᠮᠤᠷ | ᠲᠦᠪᠰᠢᠨ᠂ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠢ | ᠨᠠᠷᠢᠨ ᠬᠢᠨᠠᠮᠠᠭᠠᠶ ᠰᠠᠶᠢᠲᠤᠷ ᠬᠢᠵᠦ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ ᠡᠶ᠎ᠡ ᠵᠣᠬᠢᠴᠠᠯ ᠲᠠᠢ | ᠲᠣᠭᠲᠠᠭᠤᠨ ᠶᠡᠭᠡ ᠪᠠᠶᠢᠳᠠᠯ ᠢ ᠬᠠᠮᠠᠭᠠᠯᠠᠬᠤ ᠬᠡᠷᠡᠭᠲᠡᠢ ᠬᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠭᠦᠷᠭᠡ ᠳᠠᠷᠣᠯᠳᠠ ᠶᠡᠬᠡᠳᠬᠦ ᠳᠣᠳᠣᠮ ᠨᠠᠮ ᠤᠨ ᠲᠥᠪ | ᠬᠤᠷᠢᠶᠠᠨ ᠤ ᠵᠠᠷᠯᠢᠭ ᠢ ᠲᠠᠭᠠᠬᠤ ᠶᠢ ᠣᠯᠠᠮ ᠱᠠᠭᠠᠷᠳᠠᠵᠦ ᠡᠯ᠎ᠡ ᠬᠦᠷᠢᠶᠡᠨ ᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠤᠨ ᠨᠢᠭᠡ ᠰᠡᠳᠬᠢᠯ ᠢᠶᠠᠷ ᠪᠦᠯᠬᠦᠮᠳᠡᠵᠦ ᠠᠯᠬᠤᠮ ᠢᠶᠠᠨ ᠨᠢᠭᠡᠳᠬᠡᠨ | ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠠᠯ ᠢ | ᠡᠰᠡᠷᠬᠦᠴᠡᠬᠦ ᠲᠡᠮᠡᠴᠡᠬᠦ ᠠᠵᠢᠯ ᠢ ᠠᠬᠢᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠨ ᠤᠯᠤᠰ | ᠲᠦᠷᠦ ᠶᠢᠨ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ | ᠬᠤᠰᠢᠭᠤᠨ ᠤ ᠲᠣᠭᠤᠷᠢᠨ ᠪᠠᠶᠢᠴᠠᠭᠠᠬᠤ ᠠᠵᠢᠯ ᠢ ᠭᠠᠴᠠᠭ᠎ᠠ ᠲᠣᠰᠬᠤᠨ ᠪᠣᠯᠤᠨ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠬᠦᠷᠲᠡᠯ᠎ᠡ ᠯᠠᠪᠳᠠᠭᠤᠨ ᠪᠠᠲᠤᠲᠠᠢ ᠠᠬᠢᠭᠤᠯᠤᠨ ᠲᠣᠭᠤᠷᠢᠨ ᠪᠠᠶᠢᠴᠠᠭᠠᠯᠲᠠ ᠶᠢᠨ ᠠᠵᠢᠯ ᠤᠨ | ᠪᠦᠬᠦᠨ ᠢ ᠪᠦᠷᠬᠦᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠠᠵᠢᠯ ᠢᠶᠠᠨ ᠪᠦᠲᠦᠭᠡᠯᠴᠢ ᠪᠠᠷ ᠦᠷᠨᠢᠬᠦᠯᠵᠦ | ᠤᠨᠦᠯ ᠢ ᠪᠣᠳᠠᠲᠤ ᠪᠠᠶᠢᠳᠠᠯ ᠲᠠᠢ ᠣᠶᠠᠯᠳᠣᠭᠤᠯᠣᠨ ᠪᠠᠴᠢᠮ ᠪᠠᠶᠢᠳᠠᠯ ᠢ ᠰᠡᠢᠳᠪᠤᠷᠢᠯᠡᠬᠦ ᠴᠢᠳᠠᠪᠤᠷᠢ ᠪᠠᠨ | ᠳᠡᠭᠡᠭᠰᠢᠯᠡᠬᠦᠯᠵᠦ ᠥᠷᠭᠡᠨ ᠤᠯᠠᠨ ᠺᠠᠳ᠋ᠷ ᠤᠨ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ | ᠴᠢᠷᠮᠠᠶᠢᠯᠭ᠎ᠠ ᠲᠠᠢ ᠪᠠᠶᠢᠬᠤ ᠶᠢ ᠤᠷᠮᠠᠰᠢᠭᠤᠯᠬᠤ ᠬᠡᠷᠡᠭᠲᠡᠶ᠃ ᠡᠨᠡ ᠵᠢᠯ ᠢ ︽ᠰᠤᠷᠲᠠᠯ ᠢᠶᠠᠨ ᠬᠤᠪᠢᠷᠠᠭᠤᠯᠣᠨ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ︾ ᠦᠷ᠎ᠡ ᠪᠦᠳᠦᠮᠵᠢ ᠶᠢ | ᠳᠡᠭᠡᠭᠰᠢᠯᠡᠭᠦᠯᠬᠦ ᠵᠢᠯ ᠢᠶᠠᠷ ᠳᠣᠭᠳᠠᠭᠠᠵᠦ ᠴᠢᠩᠭ᠎ᠠ ᠬᠠᠮᠢᠶᠠᠷᠬᠤ ᠪᠠ ᠬᠠᠯᠠᠮᠵᠢᠯᠠᠬᠤ᠂ ᠤᠷᠮᠠᠰᠢᠭᠤᠯᠤᠨ | ᠵᠣᠷᠢᠭᠵᠢᠭᠤᠯᠬᠤ ᠪᠠ ᠬᠢᠵᠠᠭᠠᠷᠯᠠᠬᠤ ᠶᠢ ᠤᠶᠠᠯᠳᠤᠭᠤᠯᠤᠨ ᠳᠡᠭᠡᠳᠦ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ | ᠪᠠᠶᠢᠭᠤᠯᠬᠤ ᠬᠡᠷᠡᠭᠲᠡᠶ᠃ ᠵᠣᠷᠢᠭᠲᠠᠶ ᠪᠠᠷ ᠬᠠᠷᠢᠭᠤᠴᠠᠯᠭ᠎ᠠ ᠪᠠᠨ ᠡᠭᠦᠷᠭᠡᠯᠡᠬᠦ ᠡᠷᠴᠢ ᠵᠣᠷᠢᠭ ᠪᠠ ᠵᠣᠷᠢᠭᠲᠠᠢ ᠪᠠᠷ | ᠡᠭᠦᠷᠭᠡᠯᠡᠬᠦ ᠤᠳᠤᠷᠢᠳᠤᠮᠵᠢ ᠶᠢ ᠴᠢᠩᠭᠠᠳᠬᠠᠵᠦ ᠬᠠᠷᠢᠭᠤᠴᠠᠯᠭ᠎ᠠ ᠡᠭᠦᠷᠭᠡᠯᠡᠬᠦ ᠲᠣᠭᠲᠠᠴᠠ ᠶᠢ ᠪᠤᠢ ᠪᠣᠯᠭᠠᠬᠤ | ᠬᠡᠷᠡᠭᠲᠡᠶ ᠬᠡᠪᠡ᠃ | ᠬᠤᠷᠠᠯ ᠠᠴᠠ ᠵᠢᠭᠠᠬᠤ ᠳᠠᠭᠠᠨ᠂ ᠬᠠᠷᠠᠯᠲᠠ ᠲᠤᠭᠳᠠᠮᠠᠭᠴᠠ ᠪᠦᠬᠦ ᠬᠤᠰᠢᠭᠤ ᠪᠠᠷ ᠢᠶᠠᠷ ᠦᠵᠡᠯ ᠰᠠᠨᠠᠭ᠎ᠠ᠂ | ᠤᠶᠤᠨ ᠤᠬᠠᠭᠠᠨ᠂ ᠬᠦᠴᠦᠨ ᠴᠢᠳᠠᠯ᠂ ᠦᠢᠯᠡ ᠠᠵᠢᠯᠯᠠᠭ᠎ᠠ ᠪᠠᠨ ᠨᠢᠭᠡ ᠴᠢᠭᠯᠡᠯ ᠲᠡᠭᠡᠷ᠎ᠡ ᠲᠦᠪᠯᠡᠷᠡᠬᠦᠯᠵᠤ ᠪᠤᠳᠠᠲᠤ | ᠦᠷ᠎ᠡ ᠪᠦᠲᠦᠮᠵᠢ ᠪᠠᠷ ︽ᠨᠤᠮᠢᠨ ᠲᠠᠩᠰᠤᠭ ᠬᠦᠭᠵᠢᠨ ᠮᠠᠨᠳᠣᠯᠳᠠ︾ ᠶᠢᠨ ᠦᠵᠡᠰᠬᠦᠯᠡᠩᠲᠤ ᠰᠠᠶᠢᠬᠠᠨ ᠵᠢᠷᠤᠭ ᠢ | ᠵᠢᠷᠤᠵᠤ ᠪᠠᠶᠠᠰᠤᠩᠭᠤᠢ ᠠᠭᠤᠵᠢᠭᠤ ᠰᠡᠳᠬᠢᠯ ᠢᠶᠠᠷ ᠦᠤᠰᠢᠨ ᠤ ᠵᠤᠭᠰᠤᠴᠠ ᠠᠴᠠ ᠲᠡᠯᠡᠭᠡᠢ ᠶᠢ ᠪᠠᠷᠠᠯᠠᠵᠤ ᠵᠢᠮ᠎ᠠ | ᠶᠤᠰᠤ ᠶᠢ ᠵᠢᠷᠤᠮᠯᠠᠨ ᠴᠢᠷᠮᠠᠶᠢᠨ ᠣᠷᠤᠭᠰᠢᠯᠡᠵᠤ ᠬᠠᠨᠳᠤᠰᠢ ᠶᠢᠨ ᠬᠤᠪᠢᠷᠠᠯᠲᠠ ᠶᠢᠨ ᠱᠠᠭᠠᠷᠳᠠᠯᠭ᠎ᠠ ᠲᠠᠢ ᠲᠤᠬᠢᠷᠠᠯᠴᠠᠨ | ᠡᠪ ᠬᠠᠮᠲᠤ ᠨᠠᠮ ᠤᠨ ᠬᠡᠰᠢᠬᠦᠨ ᠤ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠷ ᠤᠬᠠᠮᠰᠠᠷ ᠠᠴᠠ ᠪᠠᠨ | ᠬᠠᠷᠢᠭᠤᠴᠠᠯᠭ᠎ᠠ ᠪᠠ ᠲᠠᠷᠤᠯᠲᠠ ᠶᠢ ᠬᠦᠯᠢᠶᠠᠨ ᠡᠬᠦᠷᠬᠡᠯᠡᠵᠣ ᠪᠠᠴᠢᠮ ᠲᠤᠯᠭᠠᠮ᠎ᠠ ᠰᠡᠳᠬᠢᠯᠭᠡ᠂ ᠡᠬᠦᠷᠭᠡ ᠲᠤᠰᠢᠶᠠᠯᠳᠤ | ᠰᠡᠳᠬᠢᠯᠭᠡ ᠪᠠ ᠡᠬᠦᠷᠭᠡ ᠬᠠᠷᠢᠭᠤᠴᠠᠯᠭᠠᠲᠤ ᠰᠡᠳᠬᠢᠯᠭᠡ ᠪᠠᠷ ᠦᠷᠭᠡᠨ ᠤᠯᠠᠨ ᠺᠠᠳ᠋ᠷ ᠤᠯᠠᠨ ᠲᠦᠮᠡᠨ ᠢ | ᠪᠦᠯᠬᠦᠮᠳᠡᠬᠦᠯᠦᠨ ᠲᠠᠭᠠᠭᠤᠯᠵᠤ ᠯᠠᠪᠳᠠᠭᠤᠨ ᠪᠠᠲᠤᠲᠠᠢ ᠪᠠᠷ ᠦᠤᠰᠢᠨ ᠤ ︽ᠨᠤᠮᠢᠨ ᠲᠠᠩᠰᠤᠭ ᠬᠦᠭᠵᠢᠨ ᠮᠠᠨᠳᠣᠯᠳᠠ︾ | ᠶᠢᠨ ᠰᠠᠶᠢᠨ ᠡᠬᠢᠯᠡᠯᠲᠡ ᠶᠢ ᠴᠢᠷᠮᠠᠶᠢᠨ ᠪᠡᠶᠡᠯᠡᠬᠦᠯᠵᠦ ᠠᠷᠠᠳ ᠲᠦᠮᠡᠨ ᠤ ᠦᠨᠡᠨᠴᠢ ᠬᠦᠰᠡᠯ ᠡᠷᠡᠮᠡᠯᠵᠡᠯ ᠢ | ᠬᠠᠷᠢᠭᠤᠯᠬᠤ ᠬᠡᠷᠡᠭᠲᠡᠢ ᠬᠡᠪᠡ᠃ | ᠬᠤᠷᠠᠯ ᠠᠴᠠ ᠣᠷᠢᠶᠠᠯᠠᠬᠤ ᠳᠠᠭᠠᠨ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠨ ᠬᠦᠴᠢᠷ ᠪᠡᠷᠬᠡ ᠶᠢ ᠢᠯᠠᠨ ᠳᠠᠪᠠᠵᠤ | ᠪᠦᠯᠬᠦᠮᠳᠡᠨ ᠨᠢᠭᠡᠳᠣᠨ ᠡᠷᠡᠮᠡᠬᠡᠶᠢᠯᠡᠨ ᠤᠷᠤᠭᠰᠢᠯᠠᠵᠤ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠨᠤᠮᠢᠨ | ᠲᠠᠩᠰᠤᠭ ᠬᠦᠭᠵᠢᠨ ᠮᠠᠨᠳᠣᠯᠳᠠ ᠶᠢ ᠪᠡᠶᠡᠯᠡᠭᠦᠯᠬᠦ︾ ᠰᠢᠨ᠎ᠡ ᠬᠠᠭᠤᠳᠠᠰᠤ ᠶᠢ ᠪᠢᠴᠢᠭᠯᠡᠵᠦ ᠰᠢᠯᠢᠳᠡᠭ ᠬᠢᠷᠢ | ᠪᠦᠲᠦᠮᠵᠢ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ | ᠤᠢ ᠶᠢ ᠪᠡᠯᠭᠡᠯᠡᠶ᠎ᠡ ᠬᠡᠪᠡ᠃ | | |