ᠳᠤᠮᠳᠠᠳᠦ ᠤᠯᠤᠰ ᠤᠨ ᠡᠪ ᠬᠠᠮᠲᠦ ᠨᠠᠮ ᠤᠨ ᠦᠦᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠬᠡᠷ ᠪᠦᠭᠦᠳᠡ ᠬᠤᠷᠠᠯᠳᠤᠭᠠᠨ ᠤ ᠠᠯᠪᠠᠨ ᠮᠡᠳᠡᠭᠡ
ᠨᠡᠶᠢᠲᠡᠯᠡᠭᠰᠡᠨ ᠴᠠᠭ᠄
2019-01-25
      ︵ᠳᠣᠮᠳᠠᠳᠣ ᠣᠯᠣᠰ ᠤᠨ ᠡᠪ ᠬᠠᠮᠲᠣ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯᠳᠣᠭᠠᠨ ᠢᠶᠠᠷ ᠪᠠᠳᠣᠯᠠᠪᠠ︶
     ᠳᠤᠮᠳᠠᠳᠦ ᠤᠯᠤᠰ ᠤᠨ ᠡᠪ ᠬᠠᠮᠲᠦ ᠨᠠᠮ ᠤᠨ ᠦᠦᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯᠳᠤᠭᠠᠨ 1 ᠰᠠᠷ᠎ᠠ ᠶᠢᠨ 24 ᠤ ᠡᠳᠤᠷ ᠭᠠᠯᠠᠭᠤᠲᠦ ᠪᠠᠯᠭᠠᠰᠤᠨ ᠳᠤ ᠬᠤᠷᠠᠯᠳᠤᠭᠰᠠᠨ ᠪᠠᠶᠢᠨ᠎ᠠ᠃      ᠪᠦᠭᠦᠳᠡ ᠬᠤᠷᠠᠯᠳᠤᠭᠠᠨ ᠳᠤ ᠤᠷᠤᠯᠴᠠᠬᠤ ᠶᠤᠰᠤᠲᠠᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ 30 ᠪᠠᠶᠢᠵᠤ᠂ ᠣᠷᠣᠯᠠᠭᠴᠢ ᠭᠡᠰᠢᠭᠦᠨ 5 ᠬᠦᠮᠦᠨ ᠪᠤᠢ᠃ ᠬᠤᠰᠢᠭᠤ ᠬᠠᠮᠢᠶ᠎ᠠ ᠪᠦᠬᠦᠢ ᠤᠳᠤᠷᠢᠳᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ  ᠳᠤ ᠰᠤᠯᠠ ᠤᠷᠤᠯᠴᠠᠪᠠ᠃      ᠬᠤᠷᠠᠯ ᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠶᠠᠷᠢᠶ᠎ᠠ ᠲᠠᠯᠪᠢᠪᠠ᠃
     ᠪᠥᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠥᠭᠦᠯᠡᠯᠲᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ  ᠢᠶᠠᠷ ᠵᠥᠪᠰᠢᠶᠡᠷᠡᠬᠦᠯᠦᠭᠰᠡᠨ ︽ᠦᠦᠰᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠳᠡ ᠶᠢᠨ ᠲᠥᠰᠦᠯ︾ ᠢ ᠤᠯᠠᠮᠵᠢᠯᠠᠨ ᠰᠤᠷᠤᠯᠴᠠᠵᠤ᠂ ︽ᠦᠦᠰᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠰᠠᠨᠠᠯ︾  ᠢ ᠬᠢᠨᠠᠨ ᠪᠠᠳᠣᠯᠠᠵᠦ᠂ ᠪᠥᠭᠦ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠳᠠ ᠶᠢᠨ ᠠᠵᠢᠯ ᠳᠤ ᠪᠠᠶᠢᠷᠢᠯᠠᠭᠤᠯᠤᠯᠳᠠ ᠭᠢᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ︽ᠭᠡᠷᠡᠭᠵᠢᠭᠦᠯᠭᠦ ᠲᠥᠰᠤᠯ ︵ᠶᠠᠷᠢᠯᠴᠠᠭᠠᠨ ᠤ ᠨᠤᠤᠷᠠᠭ︶︾ ᠤᠨ ᠲᠤᠬᠠᠢ ᠪᠥᠭᠦᠳᠠ ᠬᠤᠷᠠᠯ ᠳᠤ ᠲᠤᠳᠤᠷᠬᠠᠶᠢᠯᠠᠯᠳᠠ ᠭᠢᠪᠠ᠃      ᠬᠤᠷᠠᠯ ᠠᠴᠠ ᠢᠯᠡᠷᠬᠡᠶᠢᠯᠡᠬᠦ ᠳᠤ ᠪᠠᠨ ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠤᠷᠴᠡ ᠠᠴᠠ ᠭᠠᠷᠭᠠᠭᠰᠠᠨ ᠴᠢᠬᠤᠯᠠ ᠶᠡᠭᠡ ᠤᠯᠤᠰ ᠲᠦᠷᠦ ᠶᠢᠨ ᠰᠢᠢᠳᠪᠣᠷᠢᠳᠦ ᠪᠤᠳᠤᠯᠭ᠎ᠠ ᠮᠥᠨ᠂ ᠮᠦᠨ ᠴᠣ᠋ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠨᠢᠭᠡ ᠤᠳᠠᠭᠠᠨ ᠤ ᠭᠦᠨᠵᠡᠭᠡᠶ ᠬᠤᠪᠢᠰᠤᠯᠲᠠ ᠪᠣᠯᠬᠤ ᠶᠤᠮ᠃ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯ ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠪᠦᠷᠢᠯᠳᠦᠬᠦᠨ ᠬᠡᠰᠡᠭ ᠮᠦᠨ᠃ ᠮᠠᠨ ᠤ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠳᠡ ᠶᠢᠨ ᠠᠵᠢᠯ ᠢ ᠰᠠᠶᠢᠲᠤᠷ ᠬᠢᠬᠦ ᠳᠤ ᠬᠠᠮᠤᠭ ᠤᠨ ᠴᠢᠬᠤᠯᠠ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠬᠡᠷᠡᠭᠯᠡᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠮᠠᠨ ᠤ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠪᠣᠯᠤᠨ ᠬᠡᠷᠡᠭᠵᠢᠭᠦᠯᠬᠦ ᠰᠠᠨᠠᠯ ᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠪᠠᠶᠢᠭᠤᠯᠤᠯ ᠤᠨ ᠳᠤᠮᠳᠠ ᠣᠷᠣᠰᠢᠵᠤ ᠪᠠᠶᠢᠭ᠎ᠠ ᠬᠠᠷᠰᠢ ᠰᠠᠭᠠᠳ ᠢ ᠨᠡᠩ ᠶᠡᠭᠡ ᠬᠦᠴᠦ ᠣᠷᠣᠭᠤᠯᠵᠤ ᠪᠠᠶᠢᠭᠠᠳ ᠰᠢᠢᠳᠪᠣᠷᠢᠯᠡᠵᠦ ᠰᠢᠰᠲ᠋ᠧᠮ  ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠬᠤᠷᠢᠶᠠᠨ ᠤ ᠴᠢᠬᠤᠯᠠ ᠶᠡᠭᠡ ᠠᠵᠢᠯ ᠢ ᠤᠳᠤᠷᠢᠳᠬᠤ ᠪᠠᠶᠢᠭᠤᠯᠣᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠳᠡᠭᠡᠳᠦ ᠳᠣᠣᠷᠠᠳᠣ ᠱᠠᠲᠤ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠢᠳᠡᠳᠡᠢ ᠨᠠᠮ ᠵᠠᠰᠠᠭ ᠤᠨ ᠪᠠᠶᠢᠭᠤᠯᠤᠮᠵᠢ ᠵᠢᠴᠢ ᠲᠡᠭᠦᠨ ᠤ ᠡᠭᠦᠷᠭᠡ ᠴᠢᠳᠠᠪᠬᠢ ᠶᠢ ᠨᠢᠭᠡᠳᠦᠯᠲᠡᠢ ᠲᠥᠯᠥᠪᠵᠢᠭᠦᠯᠦᠨ ᠳᠣᠬᠢᠷᠠᠭᠤᠯᠵᠦ᠂ ᠰᠠᠯᠠᠭ᠎ᠠ ᠮᠥᠴᠢᠷ ᠤᠳ ᠤᠨ ᠳᠣᠲᠣᠭᠠᠳᠤ ᠪᠠᠶᠢᠭᠤᠯᠤᠮᠵᠢ ᠶᠢ ᠶᠡᠷᠦᠩᠬᠡᠶᠢᠯᠡᠨ ᠳᠣᠬᠢᠷᠠᠭᠤᠯᠬᠤ ᠡᠷᠴᠢᠮ ᠢ ᠴᠢᠩᠭᠠᠷᠠᠭᠤᠯᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠪᠠ ᠲᠤᠬᠠᠶᠢᠯᠠᠭᠰᠨ ᠠᠵᠢᠯ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠰᠢᠨ᠎ᠡ ᠪᠠᠷ ᠨᠡᠮᠡᠭᠰᠡᠨ ᠪᠠ ᠤᠳᠤ ᠪᠠᠶᠢᠭ᠎ᠠ ᠡᠭᠦᠷᠭᠡ ᠴᠢᠳᠠᠪᠬᠢ ᠶᠢ ᠨᠢᠭᠡᠳᠦᠯᠲᠡᠶ ᠲᠥᠯᠥᠪᠯᠡᠵᠦ᠂ ᠳᠣᠭᠠᠨ ᠤ ᠬᠤᠪᠢᠷᠠᠯᠳᠠ ᠠᠴᠠ ᠴᠢᠨᠠᠷ ᠤᠨ ᠬᠤᠪᠢᠷᠠᠯᠳᠠ ᠡᠬᠦᠰᠬᠦ ᠶᠢ ᠦᠨᠡᠨ ᠬᠦ ᠪᠡᠶᠡᠯᠡᠬᠦᠯᠬᠦ ᠬᠡᠷᠡᠭᠳᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ ᠪᠠᠶᠢᠭᠤᠯᠤᠮᠵᠢ ᠶᠢᠨ ᠲᠤᠭ᠎ᠠ ᠶᠢ ᠬᠢᠵᠠᠭᠠᠷᠯᠠᠬᠤ ᠪᠠ ᠣᠷᠣᠨ ᠲᠤᠭ᠎ᠠ  ᠶᠢ ᠬᠢᠵᠠᠭᠠᠷᠯᠠᠬᠤ ᠶᠢ ᠴᠢᠩᠭᠠᠳᠬᠠᠵᠦ᠂ ᠳᠣᠭᠠᠨ ᠠᠴᠠ ᠳᠠᠪᠠᠵᠤ ᠣᠭᠳᠣ ᠪᠣᠯᠬᠤ ᠦᠭᠡᠢ᠃ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠪᠠᠷᠢᠮᠲᠠᠯᠠᠵᠤ ᠰᠠᠯᠠᠭ᠎ᠠ ᠮᠥᠴᠢᠷ ᠤᠨ ᠬᠤᠭᠤᠷᠣᠨᠳᠣᠬᠢ ᠣᠷᠣᠨ ᠲᠤᠭ᠎ᠠ ᠶᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠬᠦᠴᠦᠯᠡᠴᠡ ᠶᠢ ᠴᠢᠩᠭᠠᠷᠠᠭᠤᠯᠵᠤ᠂ ᠪᠠᠶᠢᠭᠤᠯᠤᠮᠵᠢ ᠶᠢᠨ ᠣᠷᠣᠨ ᠳᠣᠭᠠᠨ ᠤ ᠬᠠᠮᠢᠶᠠᠷᠤᠯᠲᠠ ᠬᠢᠭᠡᠳ ᠵᠣᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠯᠤᠭ᠎ᠠ ᠶᠢᠨ ᠬᠠᠮᠲᠤ ᠪᠠᠷ ᠡᠳ᠋ᠯᠡᠬᠦ ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠪᠠᠶᠢᠭᠤᠯᠵᠦ᠂ ᠪᠠᠶᠢᠭᠤᠯᠤᠮᠵᠢ ᠶᠢᠨ ᠣᠷᠣᠨ ᠳᠣᠭᠠᠨ ᠤ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠪᠣᠯᠤᠨ ᠶᠠᠪᠣᠴᠠ ᠶᠢ ᠴᠢᠩᠭᠠᠡᠳᠬᠠᠠ᠂ ᠬᠢᠵᠠᠭᠠᠷᠯᠠᠭᠰᠠᠨ ᠲᠤᠭ᠎ᠠ ᠠᠴᠠ ᠭᠠᠳᠠᠨ᠎ᠠ ᠪᠠᠶᠢᠭᠤᠯᠤᠮᠵᠢ ᠳᠣᠭᠢᠷᠠᠭᠤᠯᠬᠤ᠂ ᠤᠳᠤᠷᠢᠳᠬᠤ ᠺᠠᠳ᠋ᠷ ᠤᠨ ᠲᠤᠰᠢᠶᠠᠯ ᠤᠨ ᠲᠤᠭ᠎ᠠ ᠠᠴᠠ ᠬᠡᠲᠦᠷᠡᠭᠦᠯᠦᠨ ᠲᠣᠬᠢᠷᠠᠭᠤᠯᠬᠤ ᠪᠠ ᠣᠷᠣᠨ ᠲᠤᠭ᠎ᠠ ᠠᠴᠠ ᠬᠡᠲᠦᠷᠡᠭᠦᠯᠦᠨ ᠠᠵᠢᠯᠳᠠᠨ ᠠᠪᠬᠤ ᠶᠢ ᠴᠢᠩᠭ᠎ᠠ ᠬᠤᠷᠢᠭᠯᠠᠬᠤ ᠬᠡᠷᠡᠭᠲᠡᠶ᠃ ︽ᠭᠤᠷᠪᠠ ᠶᠢ ᠲᠣᠭᠲᠠᠭᠠᠬᠤ︾ ᠲᠣᠭᠲᠠᠭᠠᠯ ᠤᠨ ᠲᠥᠪ ᠴᠢᠩᠭ᠎ᠠ ᠴᠢᠨᠠᠷ ᠪᠣᠯᠤᠨ ᠡᠷᠬᠡ ᠰᠦᠷᠲᠦ ᠴᠢᠨᠠᠷ ᠢ ᠴᠢᠩᠭᠠᠳᠬᠠᠨ᠂  ︽ᠭᠤᠷᠪᠠ ᠶᠢ ᠲᠣᠭᠲᠠᠭᠠᠬᠤ︾ ᠲᠣᠭᠲᠠᠭᠠᠯ  ᠤᠨ ᠣᠷᠭᠠᠨᠢᠭ ᠢᠶᠠᠷ ᠵᠠᠯᠭᠠᠯᠳᠤᠬᠤ ᠪᠡᠶᠡᠯᠡᠬᠦᠯᠵᠦ᠂ ᠫᠠᠶᠢᠰᠠ ᠡᠯᠭᠦᠬᠦ ᠪᠠᠶᠢᠭᠤᠯᠤᠮᠵᠢ ᠶᠢᠨ ᠬᠠᠮᠢᠶᠠᠷᠤᠯᠳᠠ ᠪᠠᠨ ᠲᠦᠷᠢᠮᠵᠢᠬᠦᠯᠬᠦ ᠶᠢ ᠴᠢᠩᠭᠠᠳᠬᠠᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠨᠥᠬᠦᠴᠡᠯ ᠳᠣᠷᠠᠳᠬᠤ᠂ ᠳᠣᠳᠠᠭᠤ ᠳᠣᠷᠭᠤᠨ ᠬᠢᠬᠦ ᠪᠠ ᠡᠶᠡᠳᠡᠬᠦᠯᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠲᠦᠬᠦᠮ ᠲᠦᠳᠡ ᠮᠦᠷᠳᠡᠭᠡᠨ ᠥᠨᠳᠥᠷ ᠪᠦᠲᠦᠮᠵᠢᠲᠡᠢ ᠦᠨᠳᠦᠰᠦᠨ ᠱᠠᠲᠤᠨ ᠤ ᠬᠠᠮᠢᠶᠠᠷᠤᠯᠲᠠ ᠶᠢᠨ ᠳᠣᠭᠳᠠᠴᠠ ᠶᠢ ᠪᠠᠶᠢᠭᠤᠯᠣᠨ ᠵᠠᠰᠠᠯᠲᠠ ᠶᠢᠨ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠲᠦᠯᠬᠢᠨ ᠠᠬᠢᠭᠤᠯᠵᠦ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠣᠨ᠂ ᠰᠤᠮᠤ ᠪᠠᠯᠭᠠᠰᠤᠨ ᠤ ᠪᠠᠶᠢᠭᠤᠯᠤᠮᠵᠢ ᠶᠢᠨ ᠣᠷᠣᠨ ᠳᠣᠭᠠᠨ ᠤ ᠡᠬᠢ ᠰᠣᠷᠪᠣᠯᠵᠢ ᠶᠢ ᠨᠢᠭᠡᠳᠦᠯᠲᠡᠶ ᠲᠥᠯᠥᠪᠯᠡᠨ᠂ ᠬᠠᠮᠢᠶ᠎ᠠ ᠪᠥᠬᠦᠶ ᠡᠭᠦᠷᠭᠡ ᠴᠢᠳᠠᠪᠬᠢ ᠶᠢ ᠨᠢᠭᠡᠳᠬᠡᠨ ᠶᠡᠷᠦᠩᠬᠡᠶᠢᠯᠡᠭᠰᠡᠨ ᠴᠢᠨᠠᠷᠲᠠᠶ ᠪᠠᠶᠢᠭᠤᠯᠤᠮᠵᠢ ᠶᠢ ᠪᠠᠶᠢᠭᠤᠯᠵᠤ᠂ ᠬᠠᠪᠳᠠᠭᠠᠶᠢᠵᠢᠬᠰᠠᠨ ᠪᠠ ᠲᠤᠤᠷᠴᠢᠯᠠᠬᠰᠠᠨ ᠬᠠᠮᠢᠶᠠᠷᠤᠯᠲᠠ ᠶᠢ ᠬᠡᠷᠡᠭᠵᠢᠬᠦᠯᠵᠦ᠂ ᠵᠣᠷᠪᠣᠰᠯᠠᠨ ᠵᠠᠰᠠᠬᠤ ᠠᠵᠢᠯ ᠢ ᠬᠠᠮᠵᠢᠯᠴᠠᠨ ᠠᠬᠢᠭᠤᠯᠵᠦ᠂ ᠬᠤᠰᠢᠭᠤ ᠱᠠᠲᠤᠨ ᠤ ᠰᠠᠯᠠᠭ᠎ᠠ ᠮᠥᠴᠢᠷ ᠬᠢᠭᠡᠳ ᠰᠤᠮᠤ ᠪᠠᠯᠭᠠᠰᠤᠨ ᠤ ᠬᠠᠷᠢᠴᠠᠭ᠎ᠠ ᠶᠢ ᠡᠮᠬᠢ ᠴᠡᠭᠴᠡᠲᠡᠶ ᠪᠣᠯᠭᠠᠨ᠂ ᠬᠢᠨᠠᠨ ᠵᠥᠪᠰᠢᠶᠡᠷᠡᠬᠦ ᠣᠶᠢᠯᠡᠴᠢᠯᠡᠭᠡᠨ ᠤ ᠠᠷᠠᠳ ᠲᠤ ᠲᠦᠬᠦᠮ ᠦᠵᠡᠬᠦᠯᠬᠦ ᠠᠵᠢᠯ ᠢ ᠲᠦᠯᠬᠢᠨ ᠠᠬᠢᠭᠤᠯᠵᠤ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ︽ᠨᠢᠭᠡ ᠡᠭᠦᠳᠡ ᠪᠠᠷ ᠣᠷᠣᠬᠤ︾᠂ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠰᠢᠢᠳᠪᠦᠷᠢᠯᠡᠬᠦ︾᠂ ᠲᠤᠬᠠᠶ ᠶᠢᠨ ᠭᠠᠵᠠᠷ ᠲᠤᠨᠢ ︽ᠬᠡᠲᠦᠷᠡᠬᠦ ᠳᠡᠭᠡᠨ ᠨᠢᠭᠡ ᠤᠳᠠᠭ᠎ᠠ ᠭᠦᠶᠦᠬᠦ︾ ᠶᠢ ᠴᠢᠷᠮᠠᠶᠢᠨ ᠪᠡᠶᠡᠯᠡᠬᠦᠯᠬᠦ ᠬᠡᠷᠡᠭᠲᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠪᠤᠰᠤᠳ ᠬᠦᠷᠢᠶ᠎ᠡ ᠬᠡᠪᠴᠢᠶᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ  ᠬᠡᠷᠡᠭᠵᠢᠭᠦᠯᠬᠦ ᠶᠠᠪᠤᠴᠠ ᠳᠠᠬᠢ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠭᠦᠢᠴᠡᠳᠬᠡᠯ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠵᠡᠷᠭᠡ ᠳᠠᠬᠢ ᠬᠢᠨᠠᠨ ᠪᠠᠶᠢᠴᠠᠭᠠᠯᠲᠠ ᠶᠢᠨ ᠡᠭᠦᠷᠭᠡ ᠴᠢᠳᠠᠪᠬᠢ ᠶᠢ ᠴᠢᠩᠭᠠᠳᠬᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠬᠤ ᠳᠦᠷᠢᠮ ᠪᠠ ᠠᠵᠢᠯᠯᠠᠬᠤ ᠳᠦᠷᠢᠮ ᠢ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠶ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠠᠶᠢᠭᠤᠯᠤᠮᠵᠢ ᠶᠢᠨ ᠲᠤᠬᠢᠷᠠᠭᠤᠯᠤᠯᠳᠡ ᠶᠢ ᠰᠢᠯᠢᠳᠡᠭᠵᠢᠭᠦᠯᠵᠦ ᠲᠡᠭᠦᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠶ᠃ ᠤᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠳᠡᠢ᠃᠂ ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠣᠨ᠂ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠠᠵᠢᠯᠯᠠᠭᠠᠨ ᠤ ᠳᠣᠭᠳᠠᠴᠠ ᠶᠢ ᠰᠢᠨᠡᠴᠢᠯᠡᠨ᠂ ᠨᠠᠮ ᠵᠠᠰᠠᠭ ᠤᠨ ᠪᠠᠶᠢᠭᠤᠯᠤᠮᠵᠢ ᠪᠣᠯᠤᠨ ᠤᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠣᠶᠢᠯᠡᠳᠣᠯ ᠴᠢᠳᠠᠪᠬᠢ ᠶᠢ ᠣᠷᠭᠠᠨᠢᠭ ᠢᠶᠠᠷ ᠵᠠᠯᠭᠠᠯᠳᠤᠬᠤ ᠶᠢ ᠠᠭᠢᠭᠤᠯᠬᠤ ᠬᠡᠷᠡᠭᠳᠡᠢ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠪᠦᠬᠦᠠ ᠢ ᠣᠷᠣᠨ ᠨᠤᠲᠤᠭ ᠤᠨ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠣᠨ᠂ ᠡᠵᠡᠩᠨᠡᠯᠲᠡ ᠶᠢᠨ ᠴᠢᠨᠠᠷᠲᠠᠶ ᠠᠵᠢᠯᠯᠠᠭ᠎ᠠ ᠬᠢᠬᠦ ᠠᠵᠢᠯ ᠦᠢᠯᠡᠰ ᠤᠨ ᠨᠢᠭᠡᠴᠢ ᠪᠠ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠦ ᠠᠭᠢᠭᠤᠯᠬᠤ ᠬᠡᠷᠡᠭᠲᠠᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠣᠯᠳᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠣᠯᠳᠠ ᠶᠢᠨ ᠡᠭᠦᠷᠭᠡ ᠴᠢᠳᠠᠪᠬᠢ ᠪᠠ ᠬᠠᠤᠯᠢ ᠬᠡᠷᠡᠭᠵᠢᠭᠦᠯᠣᠯᠳᠠ ᠶᠢᠨ ᠡᠬᠢ ᠰᠣᠷᠪᠣᠯᠵᠢ ᠶᠢ ᠨᠢᠭᠡᠳᠦᠯᠲᠡᠶ ᠲᠥᠯᠥᠪᠯᠡᠨ ᠬᠠᠤᠯᠢ ᠬᠡᠷᠡᠭᠵᠢᠭᠦᠯᠣᠯᠳᠠ ᠶᠢᠨ ᠬᠡᠮᠵᠢᠶ᠎ᠡ ᠶᠢ ᠵᠣᠬᠢᠰᠲᠠᠶ ᠲᠣᠬᠢᠷᠠᠭᠤᠯᠵᠤ᠂ ᠤᠯᠠᠠ ᠲᠠᠯ᠎ᠠ ᠤᠯᠠᠠ ᠳᠠᠪᠬᠤᠷᠭ᠎ᠠ ᠪᠠᠷ ᠣᠯᠠᠨ ᠳᠠᠬᠢᠨ ᠬᠠᠤᠯᠢ ᠬᠡᠷᠡᠭᠵᠢᠭᠦᠯᠬᠦ ᠠᠰᠠᠭᠤᠳᠠᠯ ᠢ ᠬᠦᠴᠦ ᠲᠠᠯᠪᠢᠨ ᠰᠢᠢᠳᠪᠣᠷᠢᠯᠡᠬᠦ ᠬᠡᠷᠡᠭᠳᠡᠢ᠃ ᠬᠠᠣᠯᠢ ᠬᠡᠷᠡᠭᠵᠢᠭᠦᠯᠣᠯᠳᠠ ᠶᠢᠨ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠪᠠ ᠬᠦᠴᠦ ᠪᠠᠨ ᠳᠣᠷᠣᠭᠰᠢ ᠲᠠᠯᠪᠢᠬᠤ ᠶᠢ ᠠᠬᠢᠭᠤᠯᠵᠤ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠣᠯᠳᠠ ᠶᠢ ᠭᠦᠨᠵᠡᠭᠡᠶᠢᠷᠡᠭᠦᠯᠦᠨ ᠲᠦᠯᠬᠢᠨ ᠠᠬᠢᠭᠤᠯᠬᠤ ᠬᠡᠷᠡᠭᠲᠠᠢ᠃ ᠲᠣᠭᠲᠠᠭᠠᠭᠰᠠᠨ ᠣᠷᠣᠨ ᠳᠣᠭᠠᠨ ᠤ ᠲᠦᠷᠦᠯ ᠪᠠ ᠠᠷᠭ᠎ᠠ ᠪᠠᠷ ᠬᠠᠤᠯᠢ ᠬᠡᠷᠡᠭᠵᠢᠭᠦᠯᠣᠯᠳᠠ ᠶᠢᠨ ᠠᠵᠢᠯᠲᠠᠨ ᠢ ᠬᠠᠮᠢᠶᠠᠷᠴᠣ ᠬᠠᠣᠯᠢ ᠬᠡᠷᠡᠭᠵᠢᠭᠦᠯᠣᠯᠳᠠ ᠶᠢᠨ ᠡᠩᠨᠡᠭᠡᠨ ᠤ ᠶᠡᠷᠦᠩᠬᠡᠶ ᠬᠡᠪ ᠴᠢᠨᠠᠷ ᠪᠠ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ  ᠨᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠤᠯ ︽ᠬᠤᠶᠠᠷ ᠢ ᠬᠠᠮᠠᠭᠠᠯᠠᠬᠤ︾ ᠶᠢ ᠦᠢᠯᠡᠳᠤᠯᠭᠡᠵᠢᠭᠦᠯᠬᠦ ᠴᠢᠬᠤᠯᠠ ᠰᠢᠯᠭᠠᠯᠲᠠ ᠪᠠ ᠪᠣᠳᠠᠲᠠᠢ ᠪᠠᠶᠢᠴᠠᠭᠠᠯᠲᠠ ᠪᠠᠷ ᠦᠵᠡᠵᠦ᠂ ᠤᠷᠢᠳᠠᠪᠠᠷ ᠲᠣᠭᠲᠠᠭᠠᠵᠤ ᠳᠠᠷᠠᠭ᠎ᠠ ᠨᠢ ᠪᠣᠳᠠᠳᠠᠢ ᠬᠢᠬᠦ ᠵᠠᠷᠴᠢᠮ ᠶᠣᠰᠣᠭᠠᠷ ᠵᠣᠬᠢᠶᠠᠨ ᠪᠠᠶᠢᠭᠤᠯᠤᠯᠲᠠ ᠲᠠᠢ᠂ ᠰᠠᠬᠢᠯᠭ᠎ᠠ ᠪᠠᠲᠤ ᠲᠠᠢ᠂ ᠠᠯᠬᠤᠮ ᠲᠠᠷᠠᠭ᠎ᠠ ᠲᠠᠢ ᠪᠠᠷ ᠠᠬᠢᠭᠤᠯᠵᠤ  ᠪᠠᠶᠢᠭᠤᠯᠤᠮᠵᠢ ᠶᠢᠨ ᠥᠭᠡᠷᠡᠴᠢᠯᠡᠯᠲᠡ ᠳᠤ ᠪᠠᠲᠤᠯᠠᠭ᠎ᠠ ᠬᠠᠩᠭᠠᠬᠤ ᠬᠡᠷᠡᠭᠲᠠᠢ᠃ ᠵᠣᠬᠢᠶᠠᠨ ᠪᠠᠶᠢᠭᠤᠯᠣᠨ ᠤᠳᠤᠷᠢᠳᠬᠤ ᠪᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ ᠲᠦᠷᠦᠯ ᠤᠨ ᠠᠵᠢᠯ ᠢ ᠵᠤᠬᠢᠴᠠᠭᠤᠯᠤᠨ ᠬᠠᠮᠵᠢᠯᠴᠠᠭᠤᠯᠬᠤ ᠬᠡᠷᠡᠭᠲᠠᠢ᠃ ᠵᠠᠩᠭᠢᠯᠠᠭ᠎ᠠ  ᠶᠢᠨ ᠭᠤᠭᠴᠤᠭ᠎ᠠ ᠶᠢ ᠠᠳᠬᠤᠨ ᠨᠠᠷᠢᠨ ᠨᠢᠮᠪᠡᠢ ᠵᠣᠬᠢᠶᠠᠨ ᠪᠠᠶᠢᠭᠤᠯᠣᠨ ᠬᠡᠷᠡᠭᠵᠢᠭᠦᠯᠬᠦ ᠬᠡᠷᠡᠭᠲᠡᠶ᠃ ᠬᠥᠮᠦᠵᠢᠭᠦᠯᠦᠨ ᠵᠢᠯᠣᠭᠤᠳᠬᠤ ᠡᠷᠴᠢᠮ ᠢᠶᠠᠨ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠳᠡᠢ᠃ ᠰᠠᠬᠢᠯᠭ᠎ᠠ ᠪᠠᠲᠤ ᠶᠣᠰᠣ ᠲᠦᠷᠢᠮ ᠢ ᠴᠢᠩᠭᠠᠳᠬᠠᠵᠦ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠤᠷᠢᠶᠠᠯᠠᠬᠤ ᠳᠤ ᠪᠠᠨ᠂ ᠪᠥᠭᠦ ᠬᠤᠰᠢᠭᠤᠨ ᠤ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠪᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠳᠠᠷᠠᠨ ᠪᠦᠯᠬᠦᠮᠳᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠣᠶᠢᠯ ᠤᠨ ᠰᠢᠢᠳᠪᠣᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠡᠷᠡᠰ ᠪᠡᠶᠡᠯᠡᠭᠦᠯᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠨᠤᠮᠢᠨ ᠲᠠᠩᠰᠤᠭ ᠬᠦᠭᠵᠢᠨ ᠮᠠᠨᠳᠣᠯᠳᠠ ᠶᠢ ᠪᠡᠶᠡᠯᠡᠭᠦᠯᠬᠦ︾ ᠳᠤ ᠰᠢᠨ᠎ᠡ ᠬᠤᠪᠢ ᠨᠡᠮᠡᠷᠢ ᠪᠠᠨ ᠦᠵᠡᠭᠦᠯᠣᠶ᠎ᠡ ᠭᠡᠵᠠᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号