ᠦᠥᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠤᠷᠤᠨ ᠨᠤᠳᠤᠭ ᠤᠨ ᠪᠤᠳᠠᠳᠤ ᠪᠠᠶᠢᠳᠠᠯ | ᠳᠠᠭᠠᠨ ᠲᠤᠬᠢᠷᠠᠭᠤᠯᠤᠨ ᠡᠬᠦᠷᠬᠡ ᠴᠢᠳᠠᠪᠬᠢ ᠪᠠᠨ ᠲᠦᠪ ᠭᠤᠤᠯᠴᠢ᠂ ᠬᠠᠥᠯᠢ ᠶᠤᠰᠤᠭᠠᠷ ᠬᠦᠢᠴᠡᠳᠬᠡᠵᠦ ᠬᠠᠥᠯᠢ | ᠬᠡᠷᠡᠭᠵᠢᠬᠦᠯᠬᠦ ᠤᠷᠴᠢᠨ ᠢ ᠲᠠᠰᠤᠷᠠᠯᠳᠠ ᠦᠬᠡᠢ ᠰᠠᠶᠢᠵᠢᠷᠠᠭᠤᠯᠵᠤ ᠪᠠᠶᠢᠨ᠎ᠠ᠃ | ᠰᠦᠯᠳᠡ ᠰᠤᠮᠤᠨ ᠤ ᠵᠠᠰᠠᠭ ᠤᠨ ᠤᠷᠳᠤᠨ ᠳᠤ ᠠᠵᠢᠯᠯᠠᠵᠤ ᠪᠠᠶᠢᠭ᠎ᠠ ᠤᠶᠠᠩᠭ᠎ᠠ ᠶᠢᠨ ᠠᠪᠤ ᠨᠢ ᠠᠵᠤ ᠠᠬᠤᠢ | ᠶᠢᠨ ᠵᠢᠭᠤᠷᠠᠭᠠᠨ ᠳᠤ ᠬᠤᠯᠪᠤᠭᠳᠠᠵᠤ ᠰᠢᠬᠦᠬᠦ ᠬᠤᠷᠢᠶᠠᠨ ᠤ ᠰᠢᠬᠦᠨ ᠲᠠᠰᠤᠯᠤᠯᠳᠠ ᠳᠤ ᠬᠠᠨᠤᠮᠵᠢ ᠦᠬᠡᠢ ᠠᠴᠠ | ᠦᠥᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠬᠢᠨᠠᠯᠳᠠ ᠲᠠᠯᠪᠢᠬᠤ ᠭᠤᠶᠤᠴᠢᠯᠠᠯᠳᠠ | ᠲᠠᠪᠰᠢᠬᠦᠯᠵᠦ ᠲᠤᠰ ᠬᠡᠷᠡᠭ ᠢ ᠲᠠᠬᠢᠨ ᠰᠢᠬᠦᠵᠡᠢ᠃ ᠲᠠᠬᠢᠨ ᠰᠢᠬᠦᠯᠳᠡ ᠪᠠᠷ ᠲᠠᠮᠵᠢᠭᠠᠳ ᠪᠠᠶᠢᠴᠠᠭᠠᠬᠤ ᠬᠤᠷᠢᠶ᠎ᠠ | ᠠᠴᠠ ᠡᠷᠬᠡ ᠠᠰᠢᠭ ᠢ ᠨᠢ ᠬᠠᠮᠠᠭᠠᠯᠠᠨ ᠦᠭᠴᠣ ᠤᠶᠠᠩᠭ᠎ᠠ ᠶᠢᠨ ᠬᠢᠨ ᠤ ᠤᠯᠬᠤ ᠶᠤᠰᠤᠳᠠᠢ ᠠᠰᠢᠭ ᠢ ᠨᠢ ᠴᠠᠭ | ᠲᠤᠬᠠᠢ ᠳᠤᠨᠢ ᠪᠤᠴᠠᠭᠤᠯᠣᠨ ᠤᠯᠵᠤ ᠠᠵᠤ ᠠᠬᠤᠢ ᠶᠢᠨ ᠬᠤᠬᠢᠷᠠᠯ ᠢ ᠪᠤᠴᠠᠭᠠᠨ ᠠᠪᠴᠢᠷᠠᠭᠰᠠᠨ ᠪᠠᠶᠢᠨ᠎ᠠ᠃ | ᠬᠤᠰᠢᠭᠤ ᠪᠠᠶᠢᠴᠠᠭᠠᠬᠤ ᠬᠤᠷᠢᠶᠠᠨ ᠤ ᠢᠷᠬᠡᠨ ᠤ ᠬᠡᠷᠡᠭ ᠲᠤ ᠬᠢᠨᠠᠯᠳᠠ ᠲᠠᠯᠪᠢᠬᠤ ᠪᠠᠶᠢᠭᠤᠯᠭ᠎ᠠ ᠪᠤᠯ | ᠭᠤᠤᠯᠳᠠᠭᠤ ᠰᠢᠬᠦᠬᠦ ᠬᠤᠷᠢᠶᠠᠨ ᠤ ᠰᠢᠬᠦᠨ ᠲᠠᠰᠤᠯᠤᠯᠳᠠ ᠨᠢ ᠵᠢᠷᠤᠮᠯᠠᠯ ᠤᠨ ᠬᠠᠥᠯᠢ ᠳᠤ ᠨᠠᠶᠢᠴᠠᠵᠤ ᠪᠠᠶᠢᠬᠤ ᠡᠰᠡᠬᠦ | ᠂ ᠰᠢᠬᠦᠬᠦ ᠬᠤᠷᠢᠶᠠᠨ ᠤ ᠬᠦᠢᠴᠡᠳᠬᠡᠬᠦ ᠵᠢᠷᠤᠮᠯᠠᠯ ᠨᠢ ᠬᠠᠥᠯᠢ ᠳᠤ ᠨᠠᠶᠢᠴᠠᠵᠤ ᠪᠠᠶᠢᠬᠤ ᠡᠰᠡᠬᠦ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠥᠯᠢ ᠶᠢᠨ ᠠᠵᠢᠯᠯᠠᠭ᠎ᠠ ᠨᠢ ᠬᠠᠥᠯᠢ ᠳᠤ ᠨᠠᠶᠢᠴᠠᠵᠤ ᠪᠠᠶᠢᠬᠤ ᠡᠰᠡᠬᠦ ᠬᠡᠬᠦ ᠭᠤᠷᠪᠠᠨ ᠵᠦᠢᠯ ᠤᠨ | ᠪᠠᠶᠢᠳᠠᠯ ᠳᠤ ᠬᠢᠨᠠᠯᠲᠠ ᠲᠠᠯᠪᠢᠳᠠᠭ᠃ ᠡᠨᠡ ᠵᠢᠯ ᠬᠤᠰᠢᠭᠤ ᠪᠠᠶᠢᠴᠠᠭᠠᠬᠤ ᠬᠤᠷᠢᠶ᠎ᠠ ᠨᠢ ᠡᠬᠦᠷᠬᠡ ᠬᠠᠷᠢᠭᠤᠴᠠᠯᠭ᠎ᠠ | ᠳᠠᠭᠠᠨ ᠲᠦᠰᠢᠭᠯᠡᠨ ᠢᠷᠬᠡᠨ ᠤ ᠬᠡᠷᠡᠭ ᠲᠤ ᠬᠢᠨᠠᠯᠳᠠ ᠲᠠᠯᠪᠢᠬᠤ ᠶᠢᠨ ᠲᠠᠭᠠᠤ ᠲᠡᠬᠡᠷ᠎ᠡ ᠨᠡᠶᠢᠳᠡ ᠬᠤᠷᠢᠭᠠᠳ ᠵᠠᠰᠠᠭ | ᠵᠠᠬᠢᠷᠭᠠᠨ ᠤ ᠪᠠᠶᠢᠭᠤᠯᠭ᠎ᠠ ᠳᠤ ᠰᠠᠨᠠᠭᠤᠯᠭ᠎ᠠ ᠦᠭᠴᠦ ᠲᠡᠳᠡᠨ ᠤ ᠤᠷᠤᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ | ᠳᠤᠨᠢ ᠬᠠᠯᠠᠨ ᠦᠬᠡᠷᠡᠴᠢᠯᠠᠵᠠᠢ᠃ |