ᠮᠠᠯ ᠠᠷᠠᠴᠢᠯᠠᠬᠤ ᠳᠤ ᠬᠦᠴᠢᠷ᠂ ᠮᠠᠯ ᠤᠨ ᠡᠪᠡᠳᠴᠢᠨ ᠡᠮᠭᠡᠭ ᠢ ᠡᠮᠴᠢᠯᠡᠨ ᠵᠠᠰᠠᠬᠤ ᠳᠤ ᠬᠦᠴᠢᠷ ᠲᠠᠢ ᠪᠠᠶᠢᠬᠤ | ᠠᠰᠠᠭᠤᠳᠠᠯ ᠢ ᠦᠨᠡᠨ ᠭᠦ ᠰᠢᠢᠳᠪᠤᠷᠢᠯᠡᠭᠦ ᠶᠢᠨ ᠲᠤᠰᠠᠳᠠ᠂ ᠦᠤᠰᠢᠨ ᠬᠤᠰᠢᠭᠤ ᠰᠤᠮᠤ ᠪᠠᠯᠭᠠᠰᠤ ᠠᠴᠠ ᠬᠢᠨᠠᠯᠳᠠ | ᠲᠠᠯᠪᠢᠵᠤ᠂ ᠬᠤᠰᠢᠭᠤᠨ ᠤ ᠬᠢᠵᠢᠭ ᠢ ᠰᠡᠷᠭᠡᠶᠢᠯᠡᠭᠦ ᠲᠦᠪ ᠪᠤᠯᠤᠨ ᠦᠨᠳᠤᠰᠤᠨ ᠱᠠᠳᠤᠨ ᠤ ᠠᠮᠢᠳᠠᠨ ᠤ ᠡᠷᠡᠭᠦᠯ | ᠬᠠᠮᠠᠭᠠᠯᠠᠯ ᠳᠤ ᠬᠢᠨᠠᠯᠳᠠ ᠲᠠᠯᠪᠢᠬᠤ ᠦᠷᠳᠡᠭᠡ ᠮᠡᠷᠭᠡᠵᠢᠯ ᠤᠨ ᠵᠢᠯᠤᠭᠤᠳᠤᠯᠭ᠎ᠠ ᠶᠢ ᠬᠠᠷᠢᠭᠤᠴᠠᠨ᠂ ᠭᠠᠴᠠᠭ᠎ᠠ | ᠲᠤᠰᠬᠤᠨ ᠤ ᠱᠠᠳᠤᠨ ᠤ ᠬᠢᠵᠢᠭ ᠢ ᠰᠡᠷᠭᠡᠶᠢᠯᠡᠭᠦ ᠠᠵᠢᠯᠳᠠᠨ ᠪᠤᠳᠠᠳᠠᠢ ᠭᠦᠢᠴᠡᠳᠭᠡᠬᠦ ᠠᠵᠢᠯ ᠢ ᠬᠠᠷᠢᠭᠤᠴᠠᠭᠰᠠᠨ | ᠮᠠᠯ ᠤᠨ ᠡᠮᠴᠢᠯᠡᠭᠡ ᠶᠢᠨ ᠨᠡᠭᠦᠳᠡᠯ ᠦᠢᠯᠡᠴᠢᠯᠡᠭᠡᠨ ᠤ ᠠᠩᠬᠢ ᠶᠢ ᠪᠠᠶᠢᠭᠤᠯᠤᠭᠰᠠᠨ ᠪᠠᠶᠢᠨ᠎ᠠ᠃ | ᠦᠤᠰᠢᠨ ᠬᠤᠰᠢᠭᠤᠨ ᠤ ᠮᠠᠯ ᠠᠷᠠᠴᠢᠯᠠᠨ ᠲᠡᠵᠢᠭᠡᠭᠦ ᠵᠢᠴᠢ ᠲᠤᠰ ᠲᠦᠷᠤᠯ ᠵᠦᠢᠯ ᠢ ᠭᠡᠷᠡᠭᠵᠢᠭᠦᠯᠬᠦ | ᠱᠠᠭᠠᠷᠳᠠᠯᠭ᠎ᠠ ᠶᠢ ᠦᠨᠳᠤᠰᠤᠯᠡᠵᠤ᠂ ᠮᠠᠯ ᠤᠨ ᠡᠮᠴᠢ ᠶᠢᠨ ᠨᠡᠭᠦᠳᠡᠯ ᠦᠢᠯᠡᠴᠢᠯᠡᠭᠡᠨ ᠤ ᠠᠩᠬᠢ ᠨᠢ ᠤᠷᠢᠳ ᠢᠶᠠᠷ | ᠦᠤᠰᠢᠨᠵᠤᠤ ᠪᠠᠯᠭᠠᠰᠤ ᠶᠢᠨ ᠴᠠᠭᠠᠨᠰᠦ᠋ᠮ᠎ᠠ᠂ ᠲᠤᠭ ᠪᠠᠯᠭᠠᠰᠤᠨ ᠤ ᠮᠡᠶᠢᠷᠡᠨᠰᠦ᠋ᠮᠠ ᠵᠡᠷᠭᠡ 5 ᠭᠠᠴᠠᠭ᠎ᠠ ᠪᠠ ᠰᠦᠯᠳᠠ | ᠰᠤᠮᠤᠨ ᠳᠤ ᠤᠷᠢᠳ ᠢᠶᠠᠷ ᠲᠤᠷᠰᠢᠨ ᠭᠡᠷᠡᠭᠯᠡᠵᠤ᠂ ᠦᠢᠯᠡᠴᠢᠯᠡᠭᠡᠨ ᠤ ᠠᠩᠬᠢ ᠪᠦᠷᠢ ᠳᠤ 5 — 7 ᠮᠠᠯ ᠤᠨ | ᠡᠮᠴᠢ ᠶᠢᠨ ᠲᠤᠰᠬᠠᠢ ᠮᠡᠷᠭᠡᠵᠢᠯ ᠠᠴᠠ ᠲᠡᠭᠦᠰᠦᠭᠰᠡᠳ ᠪᠤᠶᠤ ᠮᠠᠯ ᠤᠨ ᠡᠮᠴᠢ ᠶᠢᠨ ᠲᠤᠰᠬᠠᠢ ᠠᠵᠢᠯᠳᠠᠨ | ᠲᠤᠬᠢᠷᠠᠭᠤᠯᠤᠭᠰᠠᠨ ᠪᠠᠶᠢᠨ᠎ᠠ᠃ ᠦᠤᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠢᠨ | ᠬᠢᠵᠢᠭ ᠢ ᠰᠡᠷᠭᠡᠶᠢᠯᠡᠨ ᠬᠤᠷᠢᠭᠯᠠᠬᠤ ᠲᠦᠪ ᠤᠨ ᠬᠢᠨ ᠤᠯᠠᠨ ᠲᠠᠯ᠎ᠠ ᠠᠴᠠ ᠪᠡᠯᠡ ᠬᠤᠷᠠᠮᠳᠤᠭᠤᠯᠵᠤ᠂ 3 | ᠦᠢᠯᠡᠴᠢᠯᠡᠭᠡᠨ ᠤ ᠠᠩᠬᠢ ᠳᠤ B ᠭᠡᠳᠤ ᠲᠤᠯᠬᠢᠶᠠᠨᠳᠤ ᠮᠠᠰᠠ ᠵᠠᠰᠠᠯ ᠤᠨ ᠰᠢᠷᠡᠭᠡ᠂ ᠠᠮᠢᠳᠤ ᠪᠤᠳᠠᠰ ᠤᠨ ᠬᠢᠮᠢ ᠶᠢᠨ | ᠵᠠᠳᠠᠯᠤᠯᠳᠠ ᠬᠢᠬᠦ ᠮᠠᠰᠢᠨ᠂ ᠭᠠᠳᠠᠷ ᠰᠠᠯᠠᠭᠠᠨ ᠤ ᠲᠤᠶᠠᠴᠢᠬᠤ ᠮᠠᠰᠢᠨ᠂ ᠲᠤᠳᠤᠳᠬᠠᠭᠴᠢ ᠰᠢᠯ ᠵᠡᠷᠭᠡ ᠶᠢᠨ 18 | ᠵᠦᠢᠯ ᠤᠨ ᠡᠮᠴᠢᠯᠡᠭᠡᠨ ᠤ ᠪᠠᠭᠠᠵᠢ ᠭᠡᠷᠡᠭᠰᠡᠯ ᠢ ᠲᠦᠭᠦᠷᠴᠢᠯᠡᠵᠤ᠂ ᠶᠡᠷᠦᠩᠭᠡᠢ ᠦᠷᠳᠡᠭ ᠨᠢ 43 ᠲᠦᠮᠡᠨ | ᠲᠦᠭᠦᠷᠢᠭ ᠲᠤ ᠬᠦᠷᠦᠭᠰᠡᠨ ᠪᠠᠶᠢᠨ᠎ᠠ᠃ | ᠡᠨᠡ ᠭᠦ ᠠᠩᠬᠢ ᠦᠢᠯᠡᠴᠢᠯᠡᠭᠡ ᠬᠢᠭᠰᠡᠨ 2 ᠰᠠᠷ᠎ᠠ ᠶᠢᠨ ᠲᠤᠷᠰᠢᠳᠠ᠂ ᠰᠦᠯᠢᠶᠤᠤ ᠪᠠ ᠲᠡᠮᠦᠷ ᠤᠳᠠᠰᠤ | ᠢᠳᠡᠭᠰᠡᠨ ᠦᠭᠡᠷ ᠤᠨ ᠬᠤᠳᠤᠭᠤᠳᠤ ᠶᠢ ᠨᠡᠭᠡᠭᠡᠬᠦ᠂ ᠬᠤᠨᠢ ᠢᠮᠠᠭᠠᠨ ᠤ ᠭᠠᠪᠠᠯᠠ ᠶᠢ ᠨᠡᠭᠡᠭᠡᠬᠦ ᠵᠡᠷᠭᠡ ᠮᠡᠰᠡ ᠵᠠᠰᠠᠯ ᠢ | 8 ᠤᠳᠠᠭ᠎ᠠ ᠬᠢᠵᠤ᠂ ᠬᠠᠷᠢᠶ᠎ᠠ ᠲᠤᠭᠤᠷᠢᠭ ᠤᠨ ᠮᠠᠯᠴᠢᠳ ᠤᠨ 109 ᠮᠠᠯ ᠤᠨ ᠲᠠᠭᠰᠢᠭᠤᠷ᠂ ᠠᠮᠠᠷᠬᠠᠢ ᠵᠡᠷᠭᠡ | ᠡᠪᠡᠳᠴᠢᠨ ᠢ ᠡᠮᠴᠢᠯᠡᠵᠤ ᠦᠭᠭᠦᠭᠰᠡᠨ ᠪᠠ ᠦᠭᠡᠷ ᠤᠨ ᠬᠠᠯᠳᠠᠪᠤᠷᠢᠳᠦ ᠭᠡᠳᠡᠰᠦᠨ ᠦᠷᠪᠢᠰᠦᠯ᠂ ᠦᠶ᠎ᠠ ᠭᠡᠰᠢᠭᠦᠨ ᠤ | ᠦᠷᠪᠢᠰᠦᠯ ᠲᠠᠢ 109 ᠮᠠᠯ ᠳᠤ ᠡᠮᠴᠢᠯᠡᠭᠡ ᠬᠢᠵᠤ᠂ 4152 ᠬᠤᠨᠢ ᠢᠮᠠᠭ᠎ᠠ᠂ 708 ᠦᠭᠡᠷ ᠲᠤ ᠰᠡᠷᠢᠭᠦᠨ ᠡᠮ | ᠴᠢᠳᠬᠤᠵᠤ᠂ ᠬᠤᠷᠤᠬᠠᠢ ᠲᠠᠭᠤᠪᠡ᠃ ᠪᠠᠰᠠ 346 ᠡᠷᠤᠭᠡ ᠶᠢᠨ 9769 ᠬᠤᠨᠢ᠂ 527 ᠦᠭᠡᠷ ᠲᠤ | ᠰᠦᠢᠳᠭᠡᠯ ᠬᠤᠷᠢᠶᠠᠬᠤ ᠦᠭᠡᠢ ᠪᠠᠷ ᠰᠢᠮᠡᠭᠴᠢ ᠬᠤᠷᠤᠬᠠᠢ ᠶᠢᠨ ᠪᠠᠶᠢᠴᠠᠭᠠᠯᠳᠠ ᠬᠢᠵᠤ᠂ ᠪᠠᠶᠢᠴᠠᠭᠠᠯᠳᠠ ᠳᠤ | ᠢᠯᠡᠷᠡᠭᠰᠡᠨ ᠬᠤᠷᠤᠬᠠᠢ ᠳᠤ ᠲᠤᠬᠢᠷᠠᠭᠤᠯᠤᠨ ᠡᠮᠴᠢᠯᠡᠭᠡ ᠬᠢᠭᠰᠡᠨ ᠪᠠᠶᠢᠨ᠎ᠠ᠃ | |