ᠳᠤᠮᠳᠠᠳᠦ ᠤᠯᠤᠰ ᠤᠨ ᠡᠪ ᠬᠠᠮᠲᠦ ᠨᠠᠮ ᠤᠨ ᠦᠦᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2019-01-28
     1 ᠰᠠᠷ᠎ᠠ ᠶᠢᠨ 24 ᠤ ᠡᠳᠦᠷ᠂ ᠳᠤᠮᠳᠠᠳᠦ ᠤᠯᠤᠰ ᠤᠨ ᠡᠪ ᠬᠠᠮᠲᠦ ᠨᠠᠮ ᠤᠨ ᠦᠦᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠭᠠᠯᠠᠭᠤᠲᠦ ᠪᠠᠯᠭᠠᠰᠤᠨ ᠳᠤ ᠬᠤᠷᠠᠯᠳᠤᠵᠤ᠂ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠲᠥᠪ᠂ ᠦᠪᠡᠷᠲᠡᠭᠡᠨ ᠵᠠᠰᠠᠬᠤ ᠤᠷᠤᠨ ᠪᠤᠯᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ᠂ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ᠂ ᠶᠢᠰᠦᠳᠦᠭᠡᠷ ᠤᠳᠠᠭᠠᠨ ᠤ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ 2018 ᠣᠨ ᠤ ᠰᠠᠬᠢᠯᠭ᠎ᠠ ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠤᠷᠢᠶᠠᠩᠭᠤᠶᠢᠯᠠᠨ 2019 ᠣᠨ ᠤ ᠠᠵᠢᠯ ᠳᠤ ᠪᠠᠶᠢᠷᠢᠰᠢᠭᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠳᠤ ᠤᠷᠤᠯᠴᠠᠬᠤ ᠶᠢᠨ ᠬᠠᠮᠲᠦ ᠴᠢᠬᠤᠯᠠ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠠᠨ ᠬᠤᠷᠠᠯ ᠢ ᠡᠷᠬᠢᠯᠡᠬᠦ ᠶᠢᠨ ᠬᠠᠮᠲᠦ ᠬᠤᠰᠢᠭᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢ ᠲᠦᠯᠦᠭᠡᠯᠡᠨ ᠠᠵᠢᠯ ᠤᠨ ᠮᠡᠳᠡᠭᠦᠯᠦᠯᠲᠡ ᠬᠢᠪᠡ᠃
     ᠡᠷᠳᠡᠨᠢᠪᠢᠯᠢᠭ ᠵᠢᠭᠠᠬᠤ ᠳᠤ ᠪᠠᠨ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠦ ᠡᠯ᠎ᠡ ᠱᠠᠲᠤᠨ ᠤ ᠰᠠᠬᠢᠯᠭ᠎ᠠ ᠪᠠᠲᠦ ᠪᠠᠶᠢᠴᠠᠭᠠᠬᠤ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠦᠵᠡᠯᠲᠡ ᠲᠠᠨᠢᠯᠲᠠ ᠪᠠᠨ ᠬᠦᠨᠵᠡᠭᠡᠶᠢᠷᠡᠭᠦᠯᠦᠨ ᠶᠡᠭᠡ ᠪᠠᠶᠢᠳᠠᠯ ᠢ ᠠᠳᠬᠤᠵᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠠᠮᠠᠯ ᠢ ᠡᠰᠡᠷᠭᠦᠴᠡᠬᠦ ᠠᠵᠢᠯ ᠤᠨ ᠤᠯᠤᠰ ᠲᠦᠷᠦ ᠶᠢᠨ ᠤᠬᠠᠮᠰᠠᠷ ᠂ ᠦᠵᠡᠯ ᠰᠠᠨᠠᠭᠠᠨ ᠤ ᠤᠬᠠᠮᠰᠠᠷ ᠪᠤᠯᠤᠨ ᠦᠢᠯᠡ ᠠᠵᠢᠯᠯᠠᠭᠠᠨ ᠤ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠲᠠᠭᠠᠵᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠤᠬᠤᠯᠠᠪᠤᠷᠢ ᠪᠤᠯᠤᠨ ᠨᠠᠮ ᠤᠨ ᠲᠥᠪ ᠬᠤᠷᠢᠶᠠᠨ ᠤ ᠰᠶᠢᠳᠪᠤᠷᠢᠲᠤ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠭᠦᠨᠵᠡᠭᠡᠢ ᠦᠭᠡᠷᠡᠴᠢᠯᠡᠵᠤ᠂ ᠲᠥᠪ ᠤᠨ ᠨᠠᠢᠮᠠᠨ ᠲᠦᠷᠦᠯ ᠤᠨ ᠲᠤᠭᠲᠠᠭᠠᠯ ᠵᠢᠴᠢ ᠬᠡᠷᠡᠭᠵᠢᠬᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠪᠠᠷ ᠲᠤᠭᠤᠰᠢᠯᠠᠭᠤᠯᠬᠤ ᠬᠡᠷᠡᠭᠲᠡᠢ᠃ ︽ᠳᠦᠷᠪᠡᠨ ᠰᠤᠷᠲᠠᠯ︾ ᠤᠨ ᠰᠢᠨ᠎ᠡ ᠬᠠᠨᠳᠦᠰᠢ ᠰᠢᠨ᠎ᠡ ᠠᠰᠠᠭᠤᠳᠠᠯ ᠢ ᠰᠠᠶᠢᠲᠤᠷ ᠠᠩᠬᠠᠷᠤᠨ ᠴᠡᠩᠭᠡᠨ ᠵᠢᠷᠭᠠᠬᠤ᠂ ᠱᠠᠯᠢᠨ ᠪᠦᠷᠢᠯᠭᠡᠬᠦ ᠵᠡᠷᠭᠡ ᠭᠠᠵᠢᠭᠤ ᠰᠤᠷᠲᠠᠯ ᠪᠣᠯᠬᠢ ᠳᠠᠳᠬᠠᠯ ᠢᠯᠡᠷᠡᠮᠡᠭᠴᠡ ᠴᠤᠬᠢᠯᠲᠠ ᠦᠭᠴᠦ ᠤᠴᠢᠷ ᠶᠠᠪᠤᠳᠠᠯ ᠢ ᠬᠦᠢᠴᠡᠳᠬᠡᠬᠦ ᠳᠤ ᠬᠦᠴᠢᠷ᠂ ᠵᠤᠭᠰᠤᠯᠲᠠ ᠤᠯᠠᠨ᠂ ᠠᠵᠢᠯᠯᠠᠭ᠎ᠠ ᠦᠭᠡᠢ᠂ ᠲᠤᠭᠤᠰᠢᠯᠠᠯᠲᠠ ᠦᠭᠡᠢ ᠵᠢᠴᠢ ᠠᠵᠢᠯ ᠤᠨ ᠰᠤᠷᠲᠠᠯ ᠠᠨᠠᠢ᠂ ᠤᠷᠦ ᠦᠭᠡᠢ ᠭᠠᠵᠠᠷ ᠣᠪᠣᠭ᠎ᠠ ᠪᠤᠰᠬᠠᠬᠤ ᠵᠡᠷᠭᠡ ᠭᠤᠤᠯᠳᠠᠯᠭᠠᠲᠠᠢ ᠠᠰᠠᠭᠤᠳᠠᠯ ᠢ ᠴᠢᠩᠭ᠎ᠠ ᠪᠠᠷ ᠴᠡᠭᠴᠡᠯᠡᠨ ᠵᠠᠰᠠᠬᠤ ᠬᠡᠷᠡᠭᠲᠡᠢ᠃ ︽ᠰᠤᠷᠲᠠᠯ ᠢᠶᠠᠨ ᠦᠭᠡᠷᠡᠴᠢᠯᠡᠵᠤ ᠬᠠᠷᠢᠭᠤᠴᠠᠯᠭ᠎ᠠ ᠡᠭᠦᠷᠭᠡᠯᠡᠨ ᠲᠤᠭᠤᠰᠢᠯᠠᠯᠲᠠ ᠶᠢ ᠠᠳᠬᠤᠬᠤ︾ ᠦᠷ᠎ᠡ ᠪᠦᠲᠦᠮᠵᠢ ᠶᠢ ᠲᠡᠭᠡᠭᠰᠢᠯᠡᠬᠦᠯᠬᠦ ᠵᠢᠯ ᠤᠨ ᠡᠯ᠎ᠡ ᠲᠦᠷᠦᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠡᠳᠦᠷ ᠳᠤᠳᠤᠮ ᠤᠨ ᠲᠤᠬᠢᠷᠠᠭᠤᠯᠤᠯᠲᠠ ᠪᠤᠯᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ ᠨᠠᠮ ᠵᠠᠰᠠᠭ ᠢ ᠴᠢᠩᠭ᠎ᠠ ᠪᠠᠷ ᠵᠠᠰᠠᠬᠤ ᠶᠢ ᠱᠠᠲᠤ ᠳᠠᠷᠠᠭᠠᠯᠠᠨ ᠲᠤᠭᠤᠰᠢᠯᠠᠭᠤᠯᠬᠤ ᠬᠡᠷᠡᠭᠲᠡᠢ᠃ ᠬᠢᠨᠠᠯᠲᠠ ᠲᠠᠯᠪᠢᠵᠤ ᠰᠠᠬᠢᠯᠭ᠎ᠠ ᠪᠠᠲᠦ ᠶᠢ ᠬᠡᠷᠡᠭᠵᠢᠭᠦᠯᠬᠦ ︽ᠳᠦᠷᠪᠡᠨ ᠬᠡᠯᠪᠡᠷᠢ ᠪᠠᠶᠢᠳᠠᠯ︾ ᠢ ᠭᠦᠨᠵᠡᠭᠡᠢ ᠬᠡᠷᠡᠭᠵᠢᠭᠦᠯᠵᠦ ᠬᠢᠨᠠᠨ ᠪᠠᠶᠢᠴᠠᠭᠠᠬᠤ ᠡᠷᠬᠡ ᠶᠢ ᠦᠨᠳᠦᠰᠦᠨ ᠱᠠᠲᠤᠨ ᠳᠤ ᠬᠦᠨᠵᠡᠭᠡᠶᠢᠷᠡᠬᠦᠯᠬᠦ ᠶᠢ ᠢᠳᠡᠪᠬᠢᠲᠡᠢ ᠠᠬᠢᠭᠤᠯᠤᠨ ᠲᠤᠭᠤᠷᠢᠨ ᠪᠠᠶᠢᠴᠠᠭᠠᠵᠤ ᠰᠠᠨᠠᠯ ᠰᠠᠨᠠᠭᠤᠯᠭ᠎ᠠ ᠶᠢ ᠲᠤᠰᠬᠠᠨ ᠵᠠᠰᠠᠨ ᠴᠡᠭᠴᠡᠯᠡᠯᠲᠡ ᠬᠢᠬᠦ ᠶᠢ ᠲᠤᠭᠤᠰᠢᠯᠠᠭᠤᠯᠬᠤ ᠬᠡᠷᠡᠭᠲᠡᠢ᠃ ᠵᠠᠩᠭᠢᠯᠠᠭ᠎ᠠ ᠶᠢ ᠠᠳᠬᠤᠨ ᠳᠠᠭᠤᠷᠢᠶᠠᠯ ᠦᠵᠡᠭᠦᠯᠦᠨ ᠲᠠᠭᠠᠭᠤᠯᠬᠤ ᠶᠢ ᠴᠢᠩᠭᠠᠳᠬᠠᠵᠤ ᠨᠠᠮ ᠤᠨ ᠳᠤᠲᠤᠭᠠᠳᠣᠬᠢ ᠤᠯᠤᠰ ᠲᠦᠷᠦ ᠶᠢᠨ ᠠᠮᠢᠳᠤᠷᠠᠯ ᠢ ᠴᠢᠩᠭ᠎ᠠ ᠪᠤᠯᠭᠠᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢᠨ ᠣᠷᠴᠢᠨ ᠢ ᠰᠠᠶᠢᠵᠢᠷᠠᠭᠤᠯᠵᠤ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠲᠤ ᠰᠢᠯᠢᠳᠡᠭ ᠰᠠᠶᠢᠨ ᠬᠦᠭᠵᠢᠯᠲᠡ ᠶᠢᠨ ᠤᠷᠴᠢᠨ ᠢ ᠡᠭᠦᠳᠬᠦ ᠬᠡᠷᠡᠭᠲᠡᠢ ᠭᠡᠪᠡ᠃
     ᠯᠠᠨ ᠲᠢᠶᠡᠨ ᠱᠠᠭᠠᠷᠳᠠᠬᠤ ᠳᠤ ᠪᠠᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠨᠠᠮ ᠤᠨ ᠭᠡᠰᠢᠭᠦᠨ ᠺᠠᠳ᠋ᠷᠴᠤᠳ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ ᠡᠷᠳᠡᠨᠢᠪᠢᠯᠢᠭ ᠱᠦᠵᠢ ᠶᠢᠨ ᠶᠠᠷᠢᠶᠠᠨ ᠤ ᠭᠤᠣᠯ ᠦᠵᠡᠯ ᠰᠠᠨᠠᠭ᠎ᠠ ᠲᠠᠨᠢᠯᠲᠠ ᠪᠤᠯᠤᠨ ᠠᠵᠢᠯ ᠤᠨ ᠠᠷᠭ᠎ᠠ ᠪᠠᠷᠢᠯ ᠢ ᠬᠦᠨᠵᠡᠭᠡᠢ ᠤᠶᠢᠯᠠᠭᠠᠨ ᠰᠤᠷᠤᠯᠴᠠᠵᠤ ᠳᠡᠭᠡᠳᠦ ᠱᠠᠲᠤᠨ ᠤ ᠨᠠᠮ ᠤᠨ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ ᠪᠠᠷ ᠵᠠᠰᠠᠬᠤ ᠰᠶᠢᠳᠪᠤᠷᠢᠲᠤ ᠪᠠᠶᠢᠷᠢᠰᠢᠭᠤᠯᠤᠯᠲᠠ ᠪᠤᠯᠤᠨ ᠮᠠᠨ ᠤ ᠬᠤᠰᠢᠭᠤᠨ ᠤ ᠲᠤᠭᠤᠰᠢᠯᠠᠭᠤᠯᠬᠤ ᠪᠠᠷ ᠪᠠᠶᠢᠭ᠎ᠠ ᠭᠤᠤᠯᠳᠠᠯᠭ᠎ᠠ ᠲᠠᠢ ᠠᠵᠢᠯ ᠪᠤᠯᠤᠨ ᠠᠵᠢᠯ ᠤᠨ ᠠᠷᠭ᠎ᠠ ᠪᠠᠷᠢᠯ ᠢ ᠬᠦᠨᠵᠡᠭᠡᠢ ᠤᠶᠢᠯᠠᠭᠠᠨ ᠬᠦᠴᠢᠷᠳᠡᠯ ᠢ ᠢᠯᠠᠨ ᠳᠠᠪᠠᠵᠤ ᠵᠤᠷᠢᠴᠠᠯ ᠢ ᠰᠶᠢᠳᠪᠤᠷᠢᠯᠡᠬᠦ ᠴᠢᠳᠠᠪᠬᠢ ᠪᠤᠯᠤᠨ ᠬᠢᠷᠢ ᠳᠦᠪᠰᠢᠨ ᠢ ᠳᠡᠭᠡᠭᠰᠢᠯᠡᠬᠦᠯᠬᠦ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠳᠤᠭᠳᠠᠭᠤᠨ  ᠤ ᠳᠤᠮᠲᠠ ᠤᠷᠤᠭᠰᠢᠯᠠᠬᠤ ᠠᠵᠢᠯ ᠤᠨ ᠡᠷᠴᠢᠮ ᠢᠶᠠᠷ ᠨᠠᠮ ᠤᠨ ᠳᠦᠷᠢᠮ ᠳᠤᠭᠲᠠᠭᠠᠯ ᠪᠤᠯᠤᠨ ᠦᠨᠳᠦᠰᠦᠨ ᠬᠠᠤᠯᠢ ᠠᠴᠠ ᠤᠯᠭᠤᠭᠰᠠᠨ ᠬᠠᠷᠢᠭᠤᠴᠠᠯᠭ᠎ᠠ ᠶᠢ ᠰᠢᠳᠤᠷᠭᠤ ᠪᠠᠷ ᠭᠦᠢᠴᠡᠳᠬᠡᠵᠤ ᠪᠦᠬᠦ ᠬᠤᠰᠢᠭᠤᠨ ᠤ ᠰᠠᠬᠢᠯᠭ᠎ᠠ ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠳᠠᠰᠤᠷᠠᠯᠲᠠ ᠦᠭᠡᠢ ᠪᠤᠢ ᠪᠤᠯᠭᠠᠨ ︽ᠴᠢᠨᠠᠷ ᠰᠠᠶᠢᠲᠠᠢ ᠬᠦᠭᠵᠢᠯᠲᠡ ᠶᠢ ᠠᠳᠬᠤᠨ ᠨᠤᠮᠢᠨ ᠲᠠᠩᠰᠤᠭ ᠬᠦᠭᠵᠢᠨ ᠮᠠᠨᠳᠤᠯᠲᠠ ᠶᠢ ᠠᠬᠢᠭᠤᠯᠬᠤ︾ ᠳᠤ ᠪᠠᠲᠦ ᠴᠢᠩᠭ᠎ᠠ ᠰᠠᠬᠢᠯᠭ᠎ᠠ ᠪᠠᠲᠦ ᠶᠢᠨ ᠪᠠᠲᠤᠯᠠᠭ᠎ᠠ ᠶᠢ ᠬᠠᠩᠭᠠᠬᠤ ᠬᠡᠷᠡᠭᠲᠡᠢ ᠭᠡᠵᠡᠢ᠃
     ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ᠂ ᠬᠤᠰᠢᠭᠤ ᠵᠠᠰᠠᠭ ᠤᠨ ᠣᠷᠳᠣᠨ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠵᠢᠴᠢ ᠬᠤᠰᠢᠭᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ᠂ ᠬᠤᠰᠢᠭᠤ ᠰᠠᠬᠢᠯᠭ᠎ᠠ ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠤᠮᠤ ᠪᠠᠯᠭᠠᠰᠤ᠂ ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠰᠢᠭᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ᠂ ᠰᠢᠷᠬᠤᠰᠤ ᠰᠤᠶᠤᠯ ᠵᠢᠭᠤᠯᠴᠢᠯᠠᠯ ᠤᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠦᠪᠯᠡᠯ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ ︵ᠳᠤᠭᠤᠶᠢᠯᠠᠩ︶ ᠤᠨ ᠭᠤᠣᠯ ᠬᠠᠷᠢᠭᠤᠴᠠᠯᠭᠠᠲᠠᠨ᠂ ᠬᠤᠰᠢᠭᠤ ᠰᠠᠬᠢᠯᠭ᠎ᠠ ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠤᠨ ᠪᠦᠬᠦ ᠺᠠᠳ᠋ᠷᠴᠤᠳ ᠬᠤᠷᠠᠯ ᠳᠤ ᠤᠷᠤᠯᠴᠠᠪᠠ᠃      ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠵᠦ ᠡᠯ᠎ᠡ ᠰᠤᠮᠤ ᠪᠠᠯᠭᠠᠰᠤ ᠳᠤ ᠬᠤᠪᠢᠶᠠᠷᠢ ᠬᠤᠷᠠᠯ  ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号