ᠦᠤᠰᠢᠨ ᠬᠤᠰᠢᠭᠤᠨ ᠳᠤ ᠰᠠᠭᠤᠷᠢᠰᠢᠵᠤ ᠪᠠᠶᠢᠭ᠎ᠠ ᠡᠯ᠎ᠡ ᠠᠵᠤ ᠠᠬᠤᠶᠢᠯᠠᠯ ᠤᠨ ᠬᠢᠨ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠨᠠᠮ ᠤᠨ ᠬᠡᠰᠢᠬᠦᠨ ᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2019-01-29
      1 ᠰᠠᠷ᠎ᠠ ᠶᠢᠨ 23 ᠤ ᠡᠳᠤᠷ᠂ ᠬᠤᠰᠢᠭᠤ ᠨᠡᠬᠦᠳᠡᠯ ᠰᠠᠭᠤᠷᠢᠰᠢᠯ ᠤᠨ ᠬᠠᠮᠢᠶᠠᠷᠤᠯᠳᠠ ᠶᠢᠨ ᠲᠦᠪ ᠨᠢ ᠮᠠᠨ  ᠤ ᠬᠤᠰᠢᠭᠤᠨ ᠳᠤ ᠰᠠᠭᠤᠷᠢᠰᠢᠭ᠎ᠠ ᠱᠠᠩ ᠤᠨ ᠬᠤᠭᠤᠯᠠᠢ ᠨᠡᠬᠦᠷᠡᠰᠦᠨ ᠠᠭᠤᠷᠬᠠᠢ ᠪᠤᠯᠤᠨ ᠮᠧᠩ ᠳ᠋ᠠ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠠᠷᠢᠭᠤᠴᠠᠯᠭᠠᠳᠠᠨ ᠲᠠᠢ ᠬᠠᠮᠳᠤᠷᠠᠨ ᠨᠠᠨᠳᠢᠨ ᠨᠡᠶᠢᠬᠡᠮ ᠲᠤᠭᠤᠷᠢᠭ ᠤᠨ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠨᠠᠮ ᠤᠨ ᠬᠡᠰᠢᠬᠦᠨ ᠢ ᠪᠤᠯᠭᠤᠭᠠᠨ ᠲᠤᠬᠤᠨᠢᠭᠤᠯᠤᠭᠰᠠᠨ ᠪᠠᠶᠢᠨ᠎ᠠ᠃      ᠨᠠᠨᠳᠢᠨ ᠨᠠᠶᠢᠭᠡᠮ ᠲᠤᠭᠤᠷᠢᠭ ᠲᠤ ᠰᠠᠭᠤᠭ᠎ᠠ ᠰᠦᠯᠳᠡ ᠰᠤᠮᠤᠨ ᠤ ᠲᠤᠭᠤᠷᠢᠮ ᠭᠠᠴᠠᠭᠠᠨ ᠤ ᠮᠠᠯᠴᠢᠨ ᠯᠤᠭᠯᠤ 2015 ᠤᠨ ᠳᠤ ᠲᠠᠷᠢᠬᠢᠨ ᠤ ᠴᠢᠰᠦᠨ ᠰᠤᠳᠠᠯ ᠤᠨ ᠪᠦᠭᠯᠡᠷᠡᠯ ᠡᠪᠡᠳᠴᠢᠨ ᠳᠤ ᠨᠡᠷᠪᠡᠭᠳᠡᠵᠦ᠂ ᠰᠡᠬᠦᠯᠡᠷ  ᠨᠢ ᠬᠠᠯᠳᠤᠷᠢᠵᠤ ᠤᠶᠢᠴᠢᠭᠠᠳ ᠰᠡᠬᠦᠵᠢ ᠶᠢᠨ ᠶᠠᠰᠤ ᠪᠠᠨ ᠬᠤᠭᠤᠯᠵᠤ ᠪᠤᠰᠴᠤ ᠰᠠᠭᠤᠵᠤ ᠴᠢᠳᠠᠬᠤ ᠥᠭᠡᠢ ᠬᠦᠮᠦᠨ  ᠤ ᠭᠠᠷ ᠲᠤ ᠤᠷᠤᠭᠰᠠᠨ ᠮᠦᠷᠳᠡᠭᠡᠨ ᠤᠳᠠᠭᠠᠨ ᠵᠢᠯ ᠤᠨ ᠡᠮᠨᠡᠯᠭᠡ ᠶᠢᠨ ᠵᠠᠷᠤᠳᠠᠯ ᠨᠢ ᠳᠡᠳᠡᠨ ᠤ ᠬᠢᠨ ᠢ ᠦᠷᠢ ᠰᠢᠷᠢᠨ ᠳᠤ ᠤᠨᠠᠭᠠᠭᠰᠠᠨ ᠪᠠᠶᠢᠯ᠎ᠠ᠃ ᠡᠨᠡ ᠤᠳᠠᠭ᠎ᠠ ᠲᠠᠷᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠶᠢ ᠬᠦᠷᠲᠡᠭᠡᠳ ᠮᠠᠰᠢ ᠶᠡᠭᠡ ᠪᠠᠶᠠᠷᠯᠠᠵᠤ ᠪᠠᠶᠢᠯ᠎ᠠ᠃      ᠲᠤᠰ ᠤᠳᠠᠭ᠎ᠠ ᠲᠤᠬᠤᠨᠢᠭᠤᠯᠭ᠎ᠠ ᠶᠢᠨ ᠲᠤᠭᠤᠶᠢᠯᠠᠩ ᠤᠨ ᠬᠢᠨ ᠬᠦᠨᠳᠦ ᠡᠪᠡᠳᠴᠢᠨ ᠳᠤ ᠨᠡᠷᠪᠡᠭᠳᠡᠭᠰᠡᠨ 15 ᠡᠷᠦᠬᠡ ᠳᠤ ᠵᠤᠭᠤᠰ ᠮᠦᠩᠭᠦ᠂ ᠭᠤᠯᠢᠷ ᠲᠤᠳᠤᠷᠭ᠎ᠠ ᠬᠦᠷᠭᠡᠬᠦ ᠶᠢᠨ ᠬᠠᠮᠲᠤ ᠳᠡᠳᠡᠨ ᠤ ᠠᠮᠢᠳᠤᠷᠠᠯ ᠤᠨ ᠪᠠᠶᠢᠳᠠᠯ᠂ ᠪᠡᠶ᠎ᠡ ᠶᠢᠨ ᠡᠷᠡᠬᠦᠯ ᠴᠢᠬᠢᠷᠠᠭ ᠤᠨ ᠪᠠᠶᠢᠳᠠᠯ ᠢ ᠠᠰᠠᠭᠤᠨ ᠤᠶᠢᠯᠠᠭᠠᠵᠤ᠂ ᠴᠠᠭᠠᠨ ᠰᠠᠷ᠎ᠠ ᠪᠠᠨ ᠪᠡᠶᠡᠷ ᠬᠦᠷ ᠲᠠᠢ᠂ ᠢᠳᠡᠭᠡᠯ ᠵᠤᠷᠢᠭ ᠲᠠᠢ ᠦᠩᠭᠡᠷᠡᠬᠡᠬᠦ ᠶᠢ ᠬᠦᠰᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号