ᠮᠠᠨ ᠤ ᠬᠤᠰᠢᠭᠤ ᠤᠳᠤᠷᠢᠳᠬᠤ ᠺᠠᠳ᠋ᠷᠴᠤᠳ ᠤᠨ ᠰᠠᠷᠠᠮᠵᠢᠯᠠᠭᠦᠯᠭᠦ ᠭᠥᠮᠤᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-29
      1 ᠰᠠᠷ᠎ᠠ ᠶᠢᠨ 24 ᠤ ᠡᠳᠤᠷ᠂ ᠮᠠᠨ ᠤ ᠬᠤᠰᠢᠭᠤ ᠤᠳᠤᠷᠢᠳᠬᠤ ᠺᠠᠳ᠋ᠷᠴᠤᠳ ᠤᠨ ᠰᠠᠷᠠᠮᠵᠢᠯᠠᠭᠦᠯᠭᠦ ᠭᠥᠮᠤᠵᠢᠯ ᠤᠨ ᠶᠡᠭᠡ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠬᠤᠷᠠᠯ ᠨᠢ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠠᠷᠪᠠ ᠶᠢᠰᠤᠳᠤᠭᠡᠷ ᠬᠤᠭᠤᠴᠠᠭᠠᠨ ᠤ ᠲᠥᠪ ᠤᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠤᠶᠠᠷ᠂ ᠭᠤᠷᠪᠠᠳᠤᠭᠠᠷ ᠪᠥᠭᠦᠳᠠ ᠬᠤᠷᠠᠯ᠂ ᠥᠪᠠᠷᠳᠡᠭᠡᠨ ᠵᠠᠰᠠᠬᠤ ᠤᠷᠤᠨ ᠤ ᠰᠠᠭᠢᠯᠭ᠎ᠠ ᠪᠠᠳᠤ ᠪᠠᠳᠤ ᠪᠠᠶᠢᠴᠠᠭᠠᠬᠤ ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠭᠦᠳᠠ ᠬᠤᠷᠠᠯ᠂ ᠬᠤᠳᠠ ᠶᠢᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠲᠥᠷᠪᠡᠳᠤᠭᠡᠷ ᠬᠤᠭᠤᠴᠠᠭᠠᠨ ᠤ ᠲᠠᠪᠤᠳᠤᠭᠠᠷ ᠪᠥᠭᠦᠳᠠ ᠬᠤᠷᠠᠯ ᠤᠨ ᠰᠠᠷᠠᠮᠵᠢᠯᠠᠭᠦᠯᠭᠦ ᠭᠥᠮᠤᠵᠢᠯ ᠤᠨ ᠠᠵᠢᠯ ᠢ ᠴᠢᠩᠭᠠᠳᠬᠠᠬᠤ ᠲᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠭᠥᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠥᠪᠠᠷᠳᠡᠭᠡᠨ ᠵᠠᠰᠠᠬᠤ ᠤᠷᠤᠨ᠂ ᠬᠤᠳᠠ ᠶᠢᠨ ᠰᠠᠷᠠᠮᠵᠢᠯᠠᠭᠦᠯᠭᠦ ᠭᠥᠮᠤᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠠᠷᠳᠡᠭᠡᠨ ᠵᠠᠰᠠᠬᠤ ᠤᠷᠤᠨ ᠤ ᠰᠠᠭᠢᠯᠭ᠎ᠠ ᠪᠠᠳᠤ ᠪᠠᠶᠢᠴᠠᠭᠠᠬᠤ ᠭᠢᠨᠠᠨ ᠪᠠᠶᠢᠴᠠᠭᠠᠬᠤ ᠰᠢᠰᠲ᠋ᠧᠮ ᠤᠨ ᠪᠠᠶᠢᠴᠠᠭᠠᠨ ᠭᠠᠷᠭᠠᠭᠰᠠᠨ ᠬᠠᠤᠯᠢ ᠲᠥᠷᠢᠮ ᠢ ᠵᠥᠷᠢᠴᠡᠭᠰᠠᠨ ᠭᠥᠨᠳᠤ ᠨᠥᠴᠢᠳᠠᠢ ᠭᠡᠰᠡᠭ ᠭᠡᠷᠡᠭ ᠲᠤ ᠵᠠᠳᠠᠯᠤᠯᠳᠠ ᠭᠢᠵᠤ᠂ ᠨᠠᠮ ᠤᠨ ᠠᠷᠪᠡ ᠨᠠᠢᠮᠠᠳᠤᠭᠠᠷ ᠶᠡᠭᠡ ᠬᠤᠷᠠᠯ ᠠᠴᠠ ᠨᠠᠰᠢᠭᠢ ᠮᠠᠨ ᠤ ᠬᠤᠰᠢᠭᠤᠨ ᠤ ᠭᠡᠷᠡᠭ ᠢ ᠪᠠᠶᠢᠴᠠᠭᠠᠨ ᠰᠢᠢᠳᠪᠤᠷᠢᠯᠡᠭᠰᠡᠨ ᠪᠠᠶᠢᠳᠠᠯ ᠳᠤ ᠵᠠᠳᠠᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠵᠢᠴᠢ ᠬᠤᠰᠢᠭᠤ ᠲᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ ᠬᠤᠷᠠᠯ ᠢ ᠡᠷᠭᠢᠯᠠᠪᠠ᠃      ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠬᠤᠰᠢᠭᠤ ᠨᠠᠮ ᠤᠨ ᠬᠤᠷᠢᠶ᠎ᠠ ᠤᠳᠤᠷᠢᠳᠬᠤ ᠺᠠᠳ᠋ᠷᠴᠤᠳ ᠤᠨ ᠰᠠᠷᠠᠮᠵᠢᠯᠠᠭᠦᠯᠭᠦ ᠭᠥᠮᠤᠵᠢᠯ ᠤᠨ ᠶᠡᠭᠡ ᠬᠤᠷᠠᠯ ᠢ ᠬᠤᠷᠠᠯᠳᠤᠭᠤᠯᠤᠭᠰᠠᠨ ᠤ ᠵᠤᠷᠢᠯᠭ᠎ᠠ ᠪᠤᠯ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠪᠤᠯᠤᠨ ᠨᠠᠮ ᠤᠨ ᠠᠷᠪᠡ ᠶᠢᠰᠤᠳᠤᠭᠡᠷ ᠶᠡᠭᠡ ᠬᠤᠷᠠᠯ ᠤᠨ ᠵᠤᠷᠢᠭ ᠰᠨᠨᠠᠭ᠎ᠠ ᠶᠢ ᠭᠥᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷᠡᠭ ᠢᠶᠠᠷ ᠲᠤᠯᠢ ᠪᠤᠯᠭᠠᠨ ᠰᠠᠷᠡᠮᠵᠢᠯᠠᠭᠦᠯᠭᠦ ᠭᠥᠮᠤᠵᠢᠯ ᠢᠶᠠᠷ ᠲᠠᠮᠵᠢᠭᠤᠯᠤᠨ᠂ ᠪᠥᠭᠦ ᠬᠤᠰᠢᠭᠤᠨ ᠤ ᠤᠳᠤᠷᠢᠳᠬᠤ ᠺᠠᠳ᠋ᠷᠴᠤᠳ ᠢ ᠵᠢᠯᠤᠭᠤᠳᠤᠨ ᠠᠷᠢᠭᠤᠨ ᠴᠢᠭᠡᠴᠢ ᠪᠠᠷ ᠥᠪᠠᠷ ᠢ ᠪᠠᠨ ᠱᠠᠭᠠᠷᠳᠠᠬᠤ᠂ ᠨᠠᠮ ᠤᠨ ᠬᠠᠤᠯᠢ ᠲᠥᠷᠢᠮ ᠢ ᠲᠤᠯᠤᠭᠠᠶᠢᠯᠠᠨ ᠵᠢᠷᠤᠮᠯᠠᠬᠤ᠂ ᠨᠠᠮ ᠢ ᠬᠠᠮᠢᠶᠠᠷᠴᠤ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠬᠤ᠂ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠶᠢ ᠭᠥᠨᠵᠡᠭᠡᠢ ᠭᠥᠭᠵᠢᠭᠦᠯᠬᠦ ᠶᠠᠪᠤᠳᠠᠯ ᠪᠤᠯᠤᠨ᠎ᠠ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠠ ᠱᠠᠳᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ ᠲᠥᠷᠤ ᠶᠢ ᠡᠷᠭᠢᠮᠯᠠᠨ᠂ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠵᠤ᠂ ᠨᠠᠮ ᠳᠤ ᠪᠠᠨ ᠥᠨᠠᠠᠴᠢ ᠪᠠᠶᠢᠬᠤ ᠶᠢ ᠪᠤᠳᠠᠳᠤ ᠥᠢᠯᠡᠳᠤᠯᠭᠡ ᠲᠡᠭᠡᠷ᠎ᠡ ᠪᠠᠨ ᠢᠯᠠᠷᠠᠭᠦᠯᠵᠤ ᠤᠶᠢᠯᠠ ᠠᠵᠢᠯᠠᠯᠭ᠎ᠠ ᠲᠡᠭᠡᠷ᠎ᠡ ᠪᠠᠨ ᠨᠠᠶᠢᠳᠠᠪᠤᠷᠢᠵᠢᠭᠤᠯᠬᠤ ᠭᠡᠷᠡᠭᠳᠠᠢ᠃ ᠵᠥᠪ ᠤᠨᠤᠪᠴᠢᠳᠠᠢ ᠭᠥᠭᠵᠢᠯᠳᠠ ᠶᠢᠨ ᠥᠵᠠᠯᠳᠠ᠂ ᠵᠠᠰᠠᠭ ᠤᠨ ᠠᠵᠢᠯ ᠤᠨ ᠪᠥᠳᠥᠮᠵᠢ ᠶᠢᠨ ᠥᠵᠠᠯᠳᠠ ᠶᠢ ᠪᠤᠢ ᠪᠤᠯᠭᠠᠨ ᠭᠡᠪ ᠪᠤᠯᠪᠠᠰᠤᠷᠠᠯ ᠢᠶᠠᠨ ᠴᠢᠩᠭᠠᠳᠬᠠᠨ ᠪᠥᠭᠦ ᠰᠠᠳᠭᠢᠯ ᠪᠥᠭᠦ ᠵᠤᠷᠢᠭ  ᠢᠶᠠᠷ ᠠᠷᠠᠳ ᠲᠥᠮᠡᠨ ᠳᠤ ᠥᠢᠯᠡᠴᠢᠯᠠᠭᠦ ᠶᠢ ᠥᠨᠢ ᠡᠭᠦᠷᠢᠳᠡ ᠶᠢᠨ ᠬᠠᠷᠠᠯᠳᠠ ᠪᠤᠯᠤᠨ ᠭᠥᠭᠡᠬᠡᠴᠠᠯᠳᠤᠯ ᠪᠤᠯᠭᠠᠬᠤ ᠭᠡᠷᠡᠭᠳᠠᠢ᠃ ᠨᠠᠮ ᠤᠨ ᠲᠥᠷᠢᠮ ᠤᠯᠤᠰ ᠤᠨ ᠬᠠᠤᠯᠢ ᠶᠢ ᠴᠢᠩᠭ᠎ᠠ ᠵᠢᠷᠤᠮᠯᠠᠨ᠂ ᠪᠥᠭᠦ ᠰᠠᠳᠭᠢᠯ ᠢᠶᠠᠨ ᠠᠵᠢᠯ ᠭᠢᠵᠤ ᠥᠢᠯᠡᠰ ᠡᠷᠭᠢᠯᠠᠭᠦ ᠲᠡᠭᠡᠷ᠎ᠡ ᠲᠥᠪᠯᠠᠷᠠᠭᠦᠯᠵᠤ᠂ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠤᠨ ᠨᠤᠮᠢᠨ ᠲᠠᠩᠰᠤᠭ ᠬᠦᠭᠵᠢᠨ ᠮᠠᠨᠳᠤᠯᠳᠠ ᠶᠢ ᠪᠠᠶᠠᠯᠠᠭᠦᠯᠭᠦ ᠲᠤᠭᠤᠷᠢᠨ ᠳᠤ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ᠂ ᠲᠥᠷᠤᠯ ᠵᠥᠢᠯ ᠤᠨ ᠪᠥᠳᠥᠭᠡᠨ ᠪᠠᠶᠢᠭᠤᠯᠤᠯᠳᠠ᠂ ᠠᠵᠤ ᠥᠢᠯᠡᠰ ᠤᠨ ᠭᠥᠭᠵᠢᠯᠳᠠ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠡᠯ᠎ᠠ ᠴᠠᠷᠠᠭᠠᠨ ᠤ ᠠᠵᠢᠯ ᠤᠨ ᠲᠤᠮᠳᠠ ᠭᠠᠪᠰᠢᠭᠠᠶᠢᠯᠠᠬᠤ ᠭᠡᠷᠡᠭᠳᠠᠢ᠃ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠶᠢ ᠴᠢᠩᠭᠠᠳᠬᠠᠨ ᠰᠠᠭᠢᠯᠭ᠎ᠠ ᠲᠥᠷᠢᠮ ᠢ ᠵᠢᠷᠤᠮᠯᠠᠨ᠂ ᠬᠠᠷᠢᠭᠤᠴᠠᠯᠭ᠎ᠠ ᠨᠡᠭᠡᠮᠵᠢᠯᠠᠭᠦ ᠶᠢ ᠴᠢᠩᠭᠠᠳᠬᠠᠬᠤ ᠭᠡᠷᠡᠭᠳᠠᠢ ᠭᠡᠵᠡᠢ᠃      ᠯᠠᠨ ᠲᠢᠶᠠᠨ ᠱᠠᠭᠠᠷᠳᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠲᠥᠷᠪᠡᠨ ᠤᠬᠠᠮᠰᠠᠷ ᠢ ᠪᠠᠳᠤ ᠪᠠᠭᠢ ᠪᠤᠢ ᠪᠤᠯᠭᠠᠨ᠂ ᠲᠥᠷᠪᠡᠨ ᠢᠳᠡᠭᠡᠯ ᠢ ᠪᠠᠳᠤᠳᠬᠠᠵᠤ᠂ ᠬᠤᠶᠠᠷ ᠢ ᠬᠠᠮᠠᠭᠠᠯᠠᠬᠤ ᠶᠢ ᠥᠢᠯᠡᠳᠤᠯᠭᠡᠵᠢᠭᠦᠯᠤᠨ ᠰᠢ ᠶᠢᠨ ᠫᠢᠩ ᠨᠥᠭᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠰᠢᠢᠳᠪᠤᠷᠢᠲᠤ ᠪᠠᠶᠢᠷᠢᠯᠠᠭᠤᠯᠤᠯᠳᠠ ᠶᠢ ᠭᠥᠨᠵᠡᠭᠡᠢ ᠲᠤᠭᠤᠰᠢᠯᠠᠭᠤᠯᠤᠨ᠂ ᠨᠠᠮ ᠤᠨ ᠡᠯ᠎ᠠ ᠲᠥᠷᠥᠯ ᠤᠨ ᠪᠥᠳᠥᠭᠡᠨ ᠪᠠᠶᠢᠭᠤᠯᠤᠯᠳᠠ ᠶᠢ ᠴᠢᠩᠭᠠᠳᠬᠠᠨ᠂ ᠡᠯ᠎ᠠ ᠱᠠᠳᠤᠨ ᠤ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠪᠠᠨ ᠥᠯᠤ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠨ ᠥᠨᠠᠠᠴᠢ ᠰᠢᠳᠤᠷᠭᠤ ᠪᠠᠷ ᠵᠤᠷᠢᠭᠳᠠᠢ ᠡᠭᠦᠷᠭᠡᠯᠡᠭᠦ ᠶᠢ ᠭᠥᠮᠤᠵᠢᠭᠦᠯᠤᠨ ᠵᠢᠯᠤᠭᠤᠳᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠲᠤᠭᠤᠶᠢᠯᠠᠩ︶ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠬᠠᠮᠤᠭ ᠤᠨ ᠥᠨᠳᠤᠰᠤᠨ ᠤᠯᠤᠰ ᠲᠥᠷᠥ ᠶᠢᠨ ᠡᠭᠦᠷᠭᠡᠯᠠᠯ ᠪᠤᠯᠭᠠᠨ᠂ ᠰᠠᠭᠢᠯᠭ᠎ᠠ ᠪᠠᠳᠤ ᠪᠠᠶᠢᠴᠠᠭᠠᠬᠤ ᠭᠢᠨᠠᠨ ᠪᠠᠶᠢᠴᠠᠭᠠᠬᠤ ᠪᠠᠶᠢᠭᠤᠯᠭ᠎ᠠ ᠭᠢᠨᠠᠯᠳᠠ ᠲᠠᠯᠪᠢᠬᠤ ᠰᠠᠭᠢᠯᠭ᠎ᠠ ᠪᠠᠳᠤ ᠶᠢ ᠭᠡᠷᠡᠭᠵᠢᠭᠦᠯᠭᠦ ᠬᠠᠷᠢᠭᠤᠴᠠᠯᠭ᠎ᠠ ᠨᠡᠭᠡᠮᠵᠢᠯᠠᠭᠦ ᠭᠥᠴᠥᠯᠠᠴᠠ ᠪᠠᠨ ᠨᠡᠮᠡᠭᠳᠡᠭᠦᠯᠤᠨ ᠢᠯᠵᠢᠷᠠᠮᠠᠯ ᠢ ᠡᠰᠠᠷᠭᠦᠴᠠᠭᠦ ᠲᠠᠮᠠᠴᠠᠯ ᠢ ᠰᠠᠶᠢᠨ ᠭᠢᠵᠤ ᠪᠥᠭᠦ ᠬᠤᠰᠢᠭᠤᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠢᠷᠡᠮᠡᠯ ᠢ ᠡᠰᠠᠷᠭᠦᠴᠠᠭᠦ ᠲᠠᠮᠠᠴᠠᠯ ᠤᠨ ᠰᠢᠨ᠎ᠠ ᠥᠷ᠎ᠠ ᠪᠥᠳᠥᠮᠵᠢ ᠤᠯᠬᠤ ᠶᠢ ᠠᠭᠢᠭᠤᠯᠬᠤ ᠬᠡᠷᠡᠭᠲᠠᠢ ᠭᠡᠵᠡᠢ᠃      ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ᠂ ᠬᠤᠰᠢᠭᠤ ᠵᠠᠰᠠᠭ ᠤᠨ ᠤᠷᠳᠤᠨ᠂ ᠬᠤᠰᠢᠭᠤ ᠤᠯᠤᠰ ᠲᠥᠷᠥ ᠶᠢᠨ ᠵᠦᠪᠯᠡᠯᠭᠡᠨ᠂ ᠬᠤᠰᠢᠭᠤ ᠠᠷᠠᠳ ᠤᠨ ᠰᠢᠭᠦᠭᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠨᠥᠭᠦᠳ ᠬᠤᠷᠠᠯ ᠳᠤ ᠤᠷᠤᠯᠴᠠᠵᠤ᠂ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ ᠭᠢᠨᠠᠨ ᠪᠠᠶᠢᠴᠠᠭᠠᠬᠤ ᠵᠥᠪᠯᠠᠯ ᠤᠨ ᠪᠠᠭ ᠤᠨ ᠪᠥᠷᠢᠯᠳᠤᠭᠦᠨ᠂ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ᠂ ᠡᠯ᠎ᠠ ᠠᠷᠠᠳ ᠤᠨ ᠪᠥᠯᠭᠦᠮ ᠬᠤᠯᠪᠤᠭᠳᠠᠯ ᠪᠥᠭᠦᠢ ᠠᠵᠤ ᠠᠬᠤᠶᠢᠯᠠᠯ ᠠᠵᠢᠯ ᠥᠢᠯᠡᠰ ᠤᠨ ᠨᠢᠭᠡᠴᠢ᠂ ᠬᠤᠳᠠ ᠬᠤᠰᠢᠭᠤᠨ ᠤ ᠡᠯ᠎ᠠ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ᠂ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ᠂ ᠰᠢᠷᠬᠤᠰᠤ ᠰᠤᠶᠤᠯ ᠵᠢᠭᠤᠯᠴᠢᠯᠠᠯ ᠤᠨ ᠨᠡᠭᠡᠭᠡᠯᠳᠠ ᠶᠢᠨ ᠤᠷᠤᠨ ᠤ ᠬᠠᠮᠢᠶᠠᠷᠤᠯᠳᠠ ᠶᠢᠨ ᠵᠥᠪᠯᠠᠯ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ ᠤᠨ ᠭᠤᠤᠯ ᠬᠠᠷᠢᠭᠤᠴᠠᠯᠭᠠᠳᠠᠨ᠂ ᠬᠤᠰᠢᠭᠤ ᠰᠠᠭᠢᠯᠭ᠎ᠠ ᠪᠠᠳᠤ ᠪᠠᠶᠢᠴᠠᠭᠠᠬᠤ ᠭᠢᠨᠠᠨ ᠪᠠᠶᠢᠴᠭᠠᠬᠤ ᠵᠥᠪᠯᠠᠯ ᠤᠨ ᠪᠥᠭᠦ ᠺᠠᠳ᠋ᠷ ᠬᠤᠷᠠᠯ ᠳᠤ ᠤᠷᠤᠯᠴᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号