ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠬᠠᠳᠤᠨ | ᠫᠧᠩ ᠯᠢ ᠶᠤᠸᠠᠨ ᠲᠠᠢ ᠪᠠᠨ 27 ᠤ ᠡᠳᠤᠷ ᠪᠡᠭᠡᠵᠢᠩ ᠳᠤ ᠰᠤᠯᠤᠩᠭᠤᠰ ᠤᠨ ᠬᠦᠳᠡᠯᠮᠤᠷᠢᠴᠢᠨ ᠤ ᠨᠠᠮ ᠤᠨ ᠲᠦᠪ | ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠪ ᠬᠤᠷᠢᠶᠡᠨ ᠤ ᠲᠡᠳ᠋ ᠬᠤᠷᠢᠶᠡᠨ ᠲᠠᠷᠤᠭ᠎ᠠ᠂ | ᠤᠯᠠᠨ ᠤᠯᠤᠰ ᠤᠨ ᠶᠠᠮᠤᠨ ᠤ ᠰᠠᠶᠢᠳ ᠯᠢ ᠵᠦ ᠶᠦᠩ ᠢᠶᠠᠷ ᠪᠦᠯᠬᠦᠮ ᠤᠨ ᠲᠠᠷᠤᠭ᠎ᠠ ᠪᠤᠯᠭᠠᠭᠰᠠᠠ ᠰᠤᠯᠤᠩᠭᠤᠰ ᠤᠨ | ᠨᠦᠬᠦᠷᠰᠡᠭ ᠤᠷᠠᠯᠢᠭ ᠤᠨ ᠪᠦᠯᠬᠦᠮ ᠤᠨ ᠬᠢᠨ ᠲᠠᠢ ᠠᠭᠤᠯᠵᠠᠪᠠ᠃ | | | | | | 1 ᠰᠠᠷ᠎ᠠ ᠶᠢᠨ 27 ᠤ ᠡᠳᠤᠷ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ | ᠲᠡᠷᠢᠬᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠳᠤ ᠰᠤᠯᠤᠩᠭᠤᠰ ᠤᠨ | ᠬᠦᠳᠡᠯᠮᠤᠷᠢᠴᠢᠨ ᠤ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠪ | ᠬᠤᠷᠢᠶᠡᠨ ᠤ ᠲᠡᠳ᠋ ᠬᠤᠷᠢᠶᠡᠨ ᠲᠠᠷᠤᠭ᠎ᠠ᠂ ᠤᠯᠠᠨ ᠤᠯᠤᠰ ᠤᠨ ᠶᠠᠮᠤᠨ ᠤ ᠰᠠᠶᠢᠳ ᠯᠢ ᠵᠦ ᠶᠦᠩ ᠢᠶᠠᠷ ᠪᠦᠯᠬᠦᠮ ᠤᠨ | ᠲᠠᠷᠤᠭ᠎ᠠ ᠪᠤᠯᠭᠠᠭᠰᠠᠠ ᠰᠤᠯᠤᠩᠭᠤᠰ ᠤᠨ ᠨᠦᠬᠦᠷᠰᠡᠭ ᠤᠷᠠᠯᠢᠭ ᠤᠨ ᠪᠦᠯᠬᠦᠮ ᠤᠨ ᠬᠢᠨ ᠲᠠᠢ ᠠᠭᠤᠯᠵᠠᠪᠠ᠃ | ᠠᠭᠤᠯᠵᠠᠯᠳᠠ ᠲᠡᠬᠦᠰᠦᠭᠰᠡᠡ ᠤ ᠲᠠᠷᠠᠭ᠎ᠠ ᠰᠢ ᠶᠢᠨ ᠫᠢᠩ ᠪᠤᠯᠤᠨ ᠫᠧᠩ ᠯᠢ ᠶᠤᠸᠠᠨ ᠰᠤᠯᠤᠩᠭᠤᠰ ᠤᠨ ᠨᠦᠬᠦᠷᠰᠡᠭ | ᠤᠷᠠᠯᠢᠭ ᠤᠨ ᠪᠦᠯᠬᠦᠮ ᠤᠨ ᠲᠤᠬᠯᠠᠯᠳᠠ ᠶᠢ ᠰᠤᠨᠢᠷᠬᠠᠵᠠᠢ᠃ ᠵᠢᠷᠤᠭ ᠪᠤᠯ ᠲᠤᠬᠯᠠᠯᠳᠠ ᠲᠠᠭᠤᠰᠤᠬᠰᠡᠨ ᠤ ᠲᠠᠷᠠᠭ᠎ᠠ᠂ | ᠰᠢ ᠶᠢᠨ ᠫᠢᠩ ᠪᠤᠯᠤᠨ ᠫᠧᠩ ᠯᠢ ᠶᠤᠸᠠᠨ ᠲᠠᠶᠢᠰᠠᠨ ᠳᠤ ᠭᠠᠷᠴᠤ ᠲᠤᠬᠯᠠᠬᠴᠢᠳ ᠲᠠᠢ ᠬᠠᠮᠳᠤ ᠬᠡᠷᠡᠯ ᠵᠢᠷᠤᠭ | ᠲᠠᠳᠠᠭᠤᠯᠤᠨ ᠲᠤᠷᠠᠰᠬᠠᠯ ᠦᠯᠡᠳᠡᠭᠡᠵᠤ᠂ ᠲᠤᠬᠯᠠᠯᠳᠠ ᠠᠮᠵᠢᠯᠳᠠ ᠲᠠᠢ ᠪᠤᠯᠤᠬᠰᠡᠨ ᠳᠤ ᠪᠠᠶᠠᠷ ᠬᠦᠷᠭᠡᠵᠤ ᠪᠠᠶᠢᠭ᠎ᠠ᠃ | | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠠᠩ ᠰᠢᠩ ᠯᠸᠢ ᠰᠡᠬᠦᠳᠡᠷᠯᠡᠪᠡ | | ᠰᠢ ᠶᠢᠨ ᠫᠢᠩ ᠪᠤᠯᠤᠨ ᠫᠧᠩ ᠯᠢ ᠶᠤᠸᠠᠨ ᠰᠤᠯᠤᠩᠭᠤᠰ ᠤᠨ ᠨᠦᠬᠦᠷᠰᠡᠭ ᠤᠷᠠᠯᠢᠭ ᠤᠨ ᠪᠦᠯᠬᠦᠮ ᠤᠨ | ᠲᠤᠮᠳᠠᠳᠤ ᠤᠯᠤᠰ ᠲᠤ ᠠᠶᠢᠯᠴᠢᠯᠠᠵᠥ ᠲᠤᠭᠯᠠᠯᠳᠠ ᠭᠠᠷᠭᠠᠵᠤ ᠪᠠᠶᠢᠬᠤ ᠶᠢ ᠤᠬᠳᠤᠪᠠ᠃ ᠰᠢ ᠶᠢᠨ ᠫᠢᠩ᠂ ᠡᠨᠡ | ᠤᠳᠠᠭ᠎ᠠ ᠶᠢᠨ ᠠᠶᠢᠯᠴᠢᠯᠠᠨ ᠲᠤᠭᠯᠠᠯᠳᠠ ᠪᠤᠯ ᠲᠤᠮᠳᠠᠳᠤ ᠰᠤᠯᠤᠩᠭᠤᠰ ᠬᠤᠶᠠᠷ ᠲᠠᠯ᠎ᠠ ᠶᠢᠨ ᠴᠢᠬᠤᠯᠠ ᠬᠠᠮᠳᠤ ᠶᠢᠨ | ᠲᠠᠨᠢᠯᠳᠠ ᠶᠢ ᠨᠠᠶᠢᠳᠠᠪᠤᠷᠢᠵᠢᠭᠤᠯᠵᠥ ᠪᠠᠶᠢᠭ᠎ᠠ ᠨᠢᠬᠡ ᠵᠦᠢᠯ ᠤᠨ ᠴᠢᠬᠤᠯᠠ ᠰᠤᠶᠤᠯ ᠤᠨ ᠰᠤᠯᠢᠯᠴᠠᠭᠠᠨ ᠤ ᠠᠵᠢᠯᠯᠠᠭ᠎ᠠ | ᠪᠤᠯᠬᠤ ᠪᠦᠬᠡᠳ ᠲᠤᠮᠳᠠᠳᠤ ᠰᠤᠯᠤᠩᠭᠤᠰ ᠤᠨ ᠬᠠᠷᠢᠯᠴᠠᠭ᠎ᠠ ᠪᠠᠶᠢᠭᠤᠯᠤᠭᠰᠠᠠ 70 ᠵᠢᠯ ᠤᠨ ᠤᠢ ᠶᠢᠨ ᠴᠢᠬᠤᠯᠠ | ᠪᠡᠯᠬᠡᠯᠡᠬᠦ ᠠᠵᠢᠯᠯᠠᠭ᠎ᠠ ᠪᠤᠯᠤᠨ᠎ᠠ᠃ ᠠᠶᠢᠯᠴᠢᠯᠠᠨ ᠲᠤᠭᠯᠠᠯᠳᠠ ᠲᠡᠬᠦᠰ ᠠᠮᠵᠢᠯᠳᠠ ᠤᠯᠵᠥ᠂ ᠲᠤᠮᠳᠠᠳᠤ ᠰᠤᠯᠤᠩᠭᠤᠰ | ᠬᠤᠶᠠᠷ ᠤᠯᠤᠰ ᠤᠨ ᠠᠷᠠᠳ ᠲᠦᠮᠡᠨ ᠤ ᠨᠦᠬᠦᠷᠰᠡᠭ ᠬᠠᠶᠢᠷ᠎ᠠ ᠰᠡᠳᠬᠢᠯᠬᠡ ᠶᠢ ᠵᠤᠵᠠᠭᠠᠳᠬᠠᠨ᠎ᠠ ᠬᠡᠳᠡᠭ ᠢ ᠢᠳᠡᠬᠡᠵᠥ | ᠪᠠᠶᠢᠨ᠎ᠠ ᠬᠡᠵᠥ ᠵᠢᠭᠠᠵᠥ ᠭᠠᠷᠭᠠᠵᠠᠢ᠃ | ᠯᠢ ᠵᠦ ᠶᠦᠩ ᠡᠩ ᠲᠡᠷᠢᠭᠦᠨ ᠳᠤ ᠬᠤᠷᠢᠶᠡᠨ ᠲᠠᠷᠤᠭ᠎ᠠ ᠶᠢᠨ ᠵᠧᠩ ᠡᠸ᠋ᠨ ᠪᠤᠯᠤᠨ ᠯᠢ ᠰᠢᠤᠸᠠᠢ ᠵᠦ | ᠠᠪᠠᠭ᠋ᠠᠢ ᠶᠢᠨ ᠶᠡᠷᠤᠩᠬᠡᠢ ᠱᠦᠵᠢ ᠰᠢ ᠶᠢᠨ ᠫᠢᠩ ᠪᠤᠯᠤᠨ ᠫᠧᠩ ᠯᠢ ᠶᠤᠸᠠᠨ ᠠᠪᠠᠭ᠋ᠠᠢ ᠳᠤ ᠲᠤᠳᠤᠨᠤ ᠮᠡᠨᠳᠤᠴᠢᠯᠠᠯ ᠪᠠ | ᠰᠠᠶᠢᠨ ᠰᠠᠶᠢᠬᠠᠨ ᠵᠦᠩᠨᠡᠯ ᠲᠡᠪᠰᠢᠬᠦᠯᠵᠥ ᠪᠠᠶᠢᠬᠤ ᠶᠢ ᠲᠠᠮᠵᠢᠭᠤᠯᠵᠥ᠂ ᠶᠡᠷᠤᠩᠬᠡᠢ ᠱᠦᠵᠢ ᠰᠢ ᠶᠢᠨ ᠫᠢᠩ ᠤᠨ | ᠨᠦᠬᠦᠷᠰᠡᠭ ᠤᠷᠠᠯᠢᠭ ᠤᠨ ᠪᠦᠯᠬᠦᠮ ᠤᠨ ᠲᠤᠮᠳᠠᠳᠤ ᠤᠯᠤᠰ ᠲᠤ ᠠᠶᠢᠯᠴᠢᠯᠠᠨ ᠲᠤᠭᠯᠠᠯᠳᠠ ᠭᠠᠷᠭᠠᠭᠰᠠᠠ ᠢ | ᠬᠠᠯᠠᠮᠵᠢᠯᠠᠵᠤ ᠴᠢᠬᠤᠯᠠᠴᠢᠯᠠᠬᠰᠠᠨ ᠳᠤ ᠴᠢᠩ ᠰᠡᠳᠬᠢᠯ ᠠᠴᠠ ᠪᠠᠨ ᠲᠠᠯᠠᠷᠬᠠᠪᠠ᠃ | ᠰᠢ ᠶᠢᠨ ᠫᠢᠩ ᠬᠤᠷᠢᠶᠡᠨ ᠲᠠᠷᠤᠭ᠎ᠠ ᠶᠢᠨ ᠵᠧᠩ ᠡᠸ᠋ᠨ ᠪᠤᠯᠤᠨ ᠯᠢ ᠰᠢᠤᠸᠠᠢ ᠵᠦ ᠠᠪᠠᠭ᠋ᠠᠢ ᠳᠤ ᠲᠤᠳᠤᠨᠤ | ᠮᠡᠨᠳᠤᠴᠢᠯᠠᠯ ᠪᠠ ᠰᠠᠶᠢᠨ ᠰᠠᠶᠢᠬᠠᠨ ᠵᠦᠩᠨᠡᠯ ᠲᠡᠪᠰᠢᠬᠦᠯᠵᠥ ᠪᠠᠶᠢᠬᠤ ᠪᠠᠨ ᠲᠠᠮᠵᠢᠭᠤᠯᠵᠥ ᠦᠭᠬᠦ ᠶᠢ ᠯᠢ ᠵᠦ | ᠶᠦᠩ ᠳᠤ ᠨᠡᠶᠢᠳᠡᠪᠡ᠃ ᠰᠢ ᠶᠢᠨ ᠫᠢᠩ᠂ 2018 ᠤᠨ ᠠᠴᠠ ᠨᠠᠭᠠᠰᠢ᠂ ᠪᠢ ᠬᠤᠷᠢᠶᠡᠨ ᠲᠠᠷᠤᠭ᠎ᠠ ᠶᠢᠨ ᠵᠧᠩ | ᠡᠸ᠋ᠨ ᠲᠠᠢ 4 ᠤᠳᠠᠭ᠎ᠠ ᠠᠭᠤᠯᠵᠠᠵᠥ᠂ ᠰᠢᠨ᠎ᠡ ᠴᠠᠭ ᠦᠶ᠎ᠡ ᠳᠤ ᠲᠤᠮᠳᠠᠳᠤ ᠰᠤᠯᠤᠩᠭᠤᠰ ᠬᠤᠶᠠᠷ ᠨᠠᠮ ᠬᠤᠶᠠᠷ | ᠤᠯᠤᠰ ᠤᠨ ᠬᠠᠷᠢᠯᠴᠠᠭ᠎ᠠ ᠶᠢᠨ ᠬᠦᠭᠵᠢᠯᠳᠡ ᠶᠢᠨ ᠲᠤᠬᠠᠢ ᠴᠢᠬᠤᠯᠠ ᠬᠠᠮᠳᠤ ᠶᠢᠨ ᠲᠠᠨᠢᠯᠳᠠ ᠲᠠᠢ ᠪᠤᠯᠪᠠ᠃ ᠡᠨᠡ ᠵᠢᠯ | ᠪᠤᠯ ᠲᠤᠮᠳᠠᠳᠤ ᠰᠤᠯᠤᠩᠭᠤᠰ ᠬᠠᠷᠢᠯᠴᠠᠭ᠎ᠠ ᠪᠠᠶᠢᠭᠤᠯᠤᠭᠰᠠᠠ 70 ᠵᠢᠯ ᠤᠨ ᠤᠢ ᠪᠤᠯᠤᠨ᠎ᠠ᠃ ᠲᠤᠮᠳᠠᠳᠤ ᠤᠯᠤᠰ | ᠲᠤᠷᠠᠳᠠᠶ᠎ᠠ ᠰᠤᠯᠤᠩᠭᠤᠰ ᠲᠠᠢ ᠬᠠᠮᠳᠤ ᠪᠠᠷ ᠬᠤᠶᠠᠷ ᠲᠠᠯ᠎ᠠ ᠶᠢᠨ ᠴᠢᠬᠤᠯᠠ ᠬᠠᠮᠳᠤ ᠶᠢᠨ ᠲᠠᠨᠢᠯᠳᠠ ᠶᠢ ᠰᠠᠶᠢᠳᠤᠷ | ᠨᠠᠶᠢᠳᠠᠪᠤᠷᠢᠵᠢᠭᠤᠯᠵᠥ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠭᠠᠵᠠᠷ | ᠤᠷᠤᠨ ᠪᠤᠯᠤᠨ ᠲᠡᠯᠡᠬᠡᠢ ᠶᠢᠨ ᠡᠩᠬᠡ ᠲᠠᠶᠢᠪᠤᠩ᠂ ᠲᠤᠭᠳᠠᠭᠤᠨ᠂ ᠬᠦᠭᠵᠢᠯ ᠪᠠ ᠴᠡᠴᠡᠭᠯᠡᠯ ᠳᠤ ᠢᠳᠡᠪᠬᠢ ᠬᠤᠪᠢ | ᠨᠡᠮᠡᠷᠢ ᠦᠵᠡᠬᠦᠯᠥᠨ᠎ᠡ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠰᠤᠶᠤᠯ ᠤᠷᠠᠯᠢᠭ ᠤᠨ ᠰᠤᠯᠢᠯᠴᠠᠭ᠎ᠠ ᠪᠤᠯ ᠲᠤᠮᠳᠠᠳᠤ ᠰᠤᠯᠤᠩᠭᠤᠰ ᠤᠨ ᠬᠠᠷᠢᠯᠴᠠᠭ᠎ᠠ ᠶᠢᠨ | ᠤᠨᠴᠠᠯᠢᠭ ᠲᠠᠢ ᠮᠦᠷᠳᠡᠬᠡᠨ ᠤᠯᠠᠮᠵᠢᠯᠠᠯ ᠲᠠᠢ ᠴᠢᠬᠤᠯᠠ ᠪᠦᠷᠢᠯᠳᠦᠬᠦᠨ ᠬᠡᠰᠡᠭ ᠮᠥᠨ᠃ ᠬᠤᠶᠠᠷ ᠲᠠᠯ᠎ᠠ ᠪᠠᠷ ᠢᠶᠠᠨ | ᠬᠠᠮᠳᠤ ᠪᠠᠷ ᠴᠢᠷᠮᠡᠶᠢᠵᠥ᠂ ᠮᠢᠨᠦ ᠬᠤᠷᠢᠶᠡᠨ ᠲᠠᠷᠤᠭ᠎ᠠ ᠶᠢᠨ ᠵᠧᠩ ᠡᠸ᠋ᠨ ᠲᠠᠢ ᠲᠤᠮᠳᠠᠳᠤ ᠰᠤᠯᠤᠩᠭᠤᠰ ᠤᠨ ᠰᠤᠶᠤᠯ | ᠤᠷᠠᠯᠢᠭ ᠤᠨ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠬᠤ ᠲᠤᠬᠠᠢ ᠲᠤᠬᠢᠷᠠᠯᠴᠠᠭᠰᠠᠠ ᠴᠢᠬᠤᠯᠠ | ᠬᠠᠮᠳᠤ ᠶᠢᠨ ᠲᠠᠨᠢᠯᠳᠠ ᠶᠢ ᠰᠠᠶᠢᠳᠤᠷ ᠨᠠᠶᠢᠳᠠᠪᠤᠷᠢᠵᠢᠭᠤᠯᠵᠥ᠂ ᠲᠤᠮᠳᠠᠳᠤ ᠰᠤᠯᠤᠩᠭᠤᠰ ᠤᠨ ᠨᠦᠬᠦᠷᠯᠡᠯ ᠤᠨ | ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠬᠦᠯᠬᠦ᠂ ᠲᠤᠮᠳᠠᠳᠤ ᠰᠤᠯᠤᠩᠭᠤᠰ ᠤᠨ ᠤᠯᠠᠮᠵᠢᠯᠠᠯᠳᠤ ᠨᠦᠬᠦᠷᠯᠡᠯ ᠢ | ᠤᠯᠠᠮᠵᠢᠯᠠᠨ ᠵᠠᠯᠭᠠᠮᠵᠢᠯᠠᠬᠤ᠂ ᠲᠤᠰ ᠲᠤᠰ ᠤᠨ ᠢᠶᠠᠨ ᠨᠡᠶᠢᠬᠡᠮ ᠵᠢᠷᠤᠮ ᠤᠨ ᠰᠤᠶᠤᠯ ᠤᠨ ᠪᠠᠶᠢᠭᠤᠯᠤᠯᠳᠠ ᠶᠢ | ᠠᠬᠢᠭᠤᠯᠬᠤ ᠳᠤ ᠢᠳᠡᠪᠬᠢ ᠬᠤᠪᠢ ᠨᠡᠮᠡᠷᠢ ᠦᠵᠡᠬᠦᠯᠬᠦ ᠶᠢ ᠬᠦᠰᠡᠵᠥ ᠪᠠᠶᠢᠨ᠎ᠠ ᠬᠡᠵᠥ ᠴᠢᠬᠤᠯᠠᠴᠢᠯᠠᠪᠠ᠃ | ᠯᠢ ᠵᠤ᠋ ᠶᠦᠩ ᠶᠡᠷᠤᠩᠭᠡᠢ ᠱᠦᠵᠢ ᠰᠢ ᠶᠢᠨ ᠫᠢᠩ ᠪᠤᠯᠤᠨ ᠬᠠᠳᠤᠨ ᠫᠧᠩ ᠯᠢ ᠶᠤᠸᠠᠨ ᠠᠪᠠᠭ᠋ᠠᠢ ᠶᠢᠨ ᠴᠠᠭ | ᠭᠠᠷᠭᠠᠵᠤ ᠲᠤᠬᠯᠠᠯᠳᠠ ᠶᠢ ᠰᠤᠨᠢᠷᠬᠠᠬᠰᠡᠨ ᠳᠤ ᠲᠠᠬᠢᠨᠳᠠ ᠲᠠᠯᠠᠷᠬᠠᠵᠤ᠂ ᠰᠤᠯᠤᠩᠭᠤᠰ ᠤᠨ ᠨᠦᠬᠦᠷᠰᠡᠭ ᠤᠷᠠᠯᠢᠭ ᠤᠨ | ᠪᠦᠯᠬᠦᠮ ᠡᠨᠡ ᠤᠳᠠᠭ᠎ᠠ ᠲᠤᠮᠳᠠᠳᠤ ᠤᠯᠤᠰ ᠲᠤ ᠠᠶᠢᠯᠴᠢᠯᠠᠨ ᠲᠤᠬᠯᠠᠯᠳᠠ ᠭᠠᠷᠭᠠᠬᠰᠡᠨ ᠶᠠᠪᠤᠳᠠᠯ ᠪᠤᠯ ᠬᠤᠷᠢᠶᠠᠨ | ᠲᠠᠷᠤᠭ᠎ᠠ ᠶᠢᠨ ᠵᠧᠩ ᠡᠸ᠋ᠨ ᠤ ᠶᠡᠷᠤᠩᠭᠡᠢ ᠱᠦᠵᠢ ᠰᠢ ᠶᠢᠨ ᠫᠢᠩ ᠵᠢᠴᠢ ᠰᠤᠯᠤᠩᠭᠤᠰ ᠤᠨ ᠠᠷᠠᠳ ᠲᠦᠮᠡᠨ ᠤ | ᠲᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠬᠦᠨ ᠵᠤᠵᠠᠭᠠᠨ ᠨᠦᠬᠦᠷᠯᠡᠯ ᠢ ᠦᠨᠡᠨᠴᠢ ᠪᠠᠷ ᠢᠯᠡᠳᠭᠡᠬᠦ ᠶᠢᠨ | ᠲᠦᠯᠦᠭᠡ ᠶᠤᠮ᠃ | ᠰᠤᠯᠤᠩᠭᠤᠰ ᠤᠨ ᠬᠢᠨ ᠬᠤᠷᠢᠶᠠᠨ ᠲᠠᠷᠤᠭ᠎ᠠ ᠶᠢᠨ ᠵᠧᠩ ᠡᠸ᠋ᠨ ᠤ ᠶᠡᠷᠤᠩᠭᠡᠢ ᠱᠦᠵᠢ ᠰᠢ ᠶᠢᠨ ᠫᠢᠩ ᠯᠦᠭᠡ | ᠲᠤᠬᠢᠷᠠᠯᠴᠠᠬᠰᠡᠨ ᠴᠢᠬᠤᠯᠠ ᠬᠠᠮᠳᠤ ᠶᠢᠨ ᠲᠠᠨᠢᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠤᠯᠤᠩᠭᠤᠰ ᠲᠤᠮᠳᠠᠳᠤ ᠶᠢᠨ ᠨᠦᠬᠦᠷᠰᠡᠭ ᠬᠠᠮᠳᠤᠷᠠᠯᠴᠠᠭ᠎ᠠ ᠶᠢ ᠴᠢᠩᠭᠠᠳᠬᠠᠨ᠂ ᠰᠤᠯᠤᠩᠭᠤᠰ ᠲᠤᠮᠳᠠᠳᠤ ᠶᠢᠨ | ᠨᠦᠬᠦᠷᠯᠡᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠢᠨ᠎ᠡ ᠬᠤᠪᠢ ᠨᠠᠮᠠᠷᠢ ᠦᠵᠡᠬᠦᠯᠤᠨ᠎ᠡ ᠭᠡᠵᠤ ᠢᠯᠡᠳᠭᠡᠵᠠᠢ᠃ | ᠠᠭᠤᠯᠵᠠᠯᠳᠠ ᠲᠡᠬᠦᠰᠦᠭᠰᠡᠡ ᠤ ᠲᠠᠷᠠᠭ᠎ᠠ ᠰᠢ ᠶᠢᠨ ᠫᠢᠩ ᠪᠤᠯᠤᠨ ᠫᠧᠩ ᠯᠢ ᠶᠤᠸᠠᠨ ᠰᠤᠯᠤᠩᠭᠤᠰ ᠤᠨ | ᠨᠦᠬᠦᠷᠰᠡᠭ ᠤᠷᠠᠯᠢᠭ ᠤᠨ ᠪᠦᠯᠬᠦᠮ ᠤᠨ ᠲᠤᠬᠯᠠᠯᠳᠠ ᠶᠢ ᠰᠤᠨᠢᠷᠬᠠᠪᠠ᠃ ᠲᠤᠬᠯᠠᠯᠳᠠ ᠨᠢ ︽ᠰᠤᠯᠤᠩᠭᠤᠰ | ᠲᠤᠮᠳᠠᠳᠤ ᠶᠢᠨ ᠨᠦᠬᠦᠷᠯᠡᠯ ᠦᠨᠢᠳᠠ ᠮᠦᠡᠭᠭᠡᠷᠡᠨᠠᠮ︾ ᠭᠡᠬᠦ ᠬᠦᠭᠵᠢᠮ ᠤᠨ ᠠᠶᠠᠰ ᠲᠤᠮᠳᠠ ᠬᠦᠰᠢᠭᠡ ᠪᠠᠨ ᠨᠡᠭᠡᠭᠡᠪᠡ᠃ | ᠲᠠᠷᠠᠭ᠎ᠠ ᠨᠢ ᠰᠤᠯᠤᠩᠭᠤᠰ ᠤᠨ ᠤᠷᠠᠯᠢᠬᠴᠢᠳ ᠠᠴᠠ ︽ᠠ ᠯᠢ ᠯᠠᠩ︾ ᠵᠡᠷᠭᠡ ᠰᠤᠯᠤᠩᠭᠤᠰ ᠦᠨᠳᠦᠰᠦᠳᠡᠨ ᠤ | ᠤᠨᠴᠠᠯᠢᠬᠳᠤ ᠬᠦᠭᠵᠢᠮ ᠪᠤᠯᠤᠨ ︽ᠬᠦᠭᠡ ᠮᠦᠷᠡᠨ ᠤ ᠲᠠᠭᠤᠯᠠᠯ︾᠂ ︽ᠡᠭᠡ ᠤᠯᠤᠰ ᠢᠶᠠᠨ ᠮᠠᠭᠳᠠᠨ ᠲᠠᠭᠤᠯᠠᠶ᠎ᠡ︾ | ᠵᠡᠷᠭᠡ ᠲᠤᠮᠳᠠᠳᠤ ᠤᠯᠤᠰ ᠤᠨ ᠲᠠᠭᠤᠤ ᠶᠢ ᠲᠤᠮᠳᠠᠳᠤ ᠤᠯᠤᠰ ᠤᠨ ᠦᠵᠡᠭᠴᠢᠳ ᠲᠤ ᠲᠡᠪᠰᠢᠭᠦᠯᠵᠠᠢ᠂ | ᠰᠤᠯᠤᠩᠭᠤᠰ ᠤᠨ ᠤᠷᠠᠯᠢᠬᠴᠢᠳ ᠤᠨ ᠭᠤᠴᠤ ᠰᠠᠶᠢᠬᠠᠨ ᠲᠤᠬᠯᠠᠯᠳᠠ ᠨᠢ ᠠᠬᠤᠢ ᠲᠠᠯᠠᠪᠠᠢ ᠶᠢᠨ ᠦᠵᠡᠭᠴᠢᠳ ᠤᠨ | ᠬᠠᠯᠠᠭᠤᠨ ᠠᠯᠠᠭ᠎ᠠ ᠲᠠᠰᠢᠯᠳᠠ ᠶᠢᠨ ᠲᠤᠮᠳᠠ ᠦᠷᠭᠦᠯᠵᠢᠯᠠᠵᠤ᠂ ᠲᠤᠬᠠᠯᠠᠯᠳᠠ ᠨᠢ ︽ᠮᠠᠷᠳᠠᠬᠳᠠᠰᠢ ᠦᠭᠡᠢ ᠡᠨᠡ | ᠰᠦᠨᠢ︾ ᠭᠡᠬᠦ ᠲᠠᠭᠤᠨ ᠤ ᠲᠤᠮᠳᠠ ᠦᠨᠳᠦᠷᠯᠡᠵᠤ᠂ ᠠᠬᠤᠢ ᠲᠠᠯᠠᠪᠡᠢ ᠳᠤ ᠪᠠᠶᠠᠷ ᠪᠠᠭ᠋ᠠᠳᠤᠯ ᠨᠦᠬᠦᠷᠯᠡᠯ ᠤᠨ ᠠᠭᠤᠷ | ᠠᠮᠢᠰᠬᠤᠯ ᠢᠶᠠᠷ ᠪᠢᠯᠬᠠᠵᠤ ᠪᠠᠶᠢᠯ᠎ᠡ᠃ | ᠲᠤᠬᠯᠠᠯᠳᠠ ᠲᠠᠭᠤᠰᠤᠬᠰᠡᠨ ᠤ ᠲᠠᠷᠠᠭ᠎ᠠ᠂ ᠰᠢ ᠶᠢᠨ ᠫᠢᠩ ᠪᠤᠯᠤᠨ ᠫᠧᠩ ᠯᠢ ᠶᠤᠸᠠᠨ ᠲᠠᠶᠢᠰᠠᠨ ᠳᠤ ᠭᠠᠷᠴᠤ | ᠲᠤᠬᠯᠠᠬᠴᠢᠳ ᠲᠠᠢ ᠭᠠᠷ ᠠᠳᠬᠤᠯᠴᠠᠬᠰᠡᠨ ᠪᠦᠭᠡᠳ ᠤᠯᠠᠨ ᠲᠠᠢ ᠬᠠᠮᠳᠤ ᠬᠡᠷᠡᠯ ᠵᠢᠷᠤᠭ ᠲᠠᠳᠠᠭᠤᠯᠤᠨᠲᠤᠷᠠᠰᠬᠠᠯ | ᠦᠯᠡᠳᠡᠭᠡᠵᠤ᠂ ᠲᠤᠬᠯᠠᠯᠳᠠ ᠠᠮᠵᠢᠯᠳᠠ ᠲᠠᠢ ᠪᠤᠯᠤᠬᠰᠡᠨ ᠳᠤ ᠪᠠᠶᠠᠷ ᠬᠦᠷᠭᠡᠪᠡ᠃ | ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠰᠦᠨ ᠴᠦᠨ ᠯᠠᠨ᠂ ᠶᠠᠩ ᠵᠢᠶᠧ ᠤᠣᠢ᠂ ᠬᠤᠸᠠᠩ ᠺᠦᠨ | ᠮᠢᠩ᠂ ᠼᠠᠢ ᠴᠢ᠂ ᠸᠠᠩ ᠢ ᠨᠠᠷ ᠪᠠᠷ᠎ᠡ ᠪᠤᠯᠵᠤ ᠠᠭᠤᠯᠵᠠᠯᠳᠠ ᠳᠤ ᠤᠷᠤᠯᠴᠠᠵᠤ ᠲᠤᠬᠯᠠᠯᠳᠠ ᠶᠢ ᠰᠤᠨᠢᠷᠬᠠᠵᠠᠢ᠃ | ᠰᠤᠯᠤᠩᠭᠤᠰ ᠤᠨ ᠨᠦᠬᠦᠷᠰᠡᠭ ᠤᠷᠠᠯᠢᠭ ᠤᠨ ᠪᠦᠯᠬᠦᠮ ᠤᠨ ᠬᠢᠨ ᠨᠠᠮ ᠤᠨ ᠲᠦᠪ ᠬᠤᠷᠢᠶᠠᠨ ᠤ | ᠭᠠᠳᠠᠭᠠᠳᠤ ᠲᠠᠢ ᠬᠤᠯᠪᠤᠭ᠎ᠠ ᠠᠪᠬᠤ ᠬᠡᠯᠳᠡᠰ ᠤᠨ ᠤᠷᠢᠯᠭ᠎ᠠ ᠪᠠᠷ ᠲᠤᠮᠳᠠᠳᠤ ᠤᠯᠤᠰ ᠲᠤ ᠠᠶᠢᠯᠴᠢᠯᠠᠵᠤ ᠲᠤᠬᠯᠠᠯᠳᠠ | ᠭᠠᠷᠭᠠᠬᠰᠡᠨ ᠶᠤᠮ᠃ |