ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠠᠶᠤᠯᠭᠦᠢ ᠥᠢᠯᠡᠳᠪᠤᠷᠢᠯᠠᠯ ᠤᠨ ᠶᠡᠭᠡ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2019-01-29
     
     1 ᠰᠠᠷ᠎ᠠ ᠶᠢᠨ 26 ᠤ ᠡᠳᠤᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠲᠤᠭ ᠪᠠᠯᠭᠠᠰᠤ᠂ ᠥᠥᠰᠢᠨᠵᠤᠤ ᠪᠠᠯᠭᠠᠰᠤ ᠪᠠᠷ ᠭᠥᠷᠴᠤ ᠠᠶᠤᠯᠭᠦᠢ ᠥᠢᠯᠡᠳᠪᠤᠷᠢᠯᠠᠯ ᠤᠨ ᠶᠡᠭᠡ ᠪᠠᠶᠢᠴᠠᠭᠠᠯᠳᠠ ᠬᠢᠭᠰᠡᠨ ᠪᠠᠶᠢᠨ᠎ᠠ᠃ ᠬᠤᠰᠢᠭᠤ ᠤᠳᠤᠷᠢᠳᠤᠯᠭ᠎ᠠ ᠵᠠᠩ ᡁᠢ ᠰᠢᠦ᠋ᠩ᠂ ᠭᠤᠤ ᠬᠤ᠋᠂ ᠳ᠋ᠸᠣ ᡁᠢ ᠴᠢᠶᠠᠩ ᠪᠤᠯᠤᠨ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠠᠶᠤᠯᠭᠦᠢ ᠥᠢᠯᠡᠳᠪᠤᠷᠢᠯᠠᠯ ᠤᠨ ᠭᠢᠨᠠᠨ ᠬᠠᠮᠢᠶᠠᠷᠤᠯᠳᠠ ᠶᠢᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂ ᠠᠵᠤ ᠠᠬᠤᠢ ᠬᠤᠳᠠᠯᠳᠤᠭᠠᠨ ᠤ ᠶᠠᠪᠤᠳᠠᠯ ᠪᠠ ᠴᠢᠮᠡᠭᠡ ᠵᠠᠩᠭᠢᠴᠢᠯᠠᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
     ᠵᠤᠤ ᠹᠸᠢ ᠯᠤ᠋ ᠨᠠᠷ ᠤᠷᠢᠳ ᠬᠤᠵᠢᠳ ᠲᠤᠭ ᠪᠠᠯᠭᠠᠰᠤᠨ ᠤ ᠬᠤᠸᠠᠷ ᠫᠤᠤᠵᠢᠩ ᠡᠵᠡᠩᠨᠠᠨ ᠪᠤᠷᠤᠯᠠᠭᠤᠯᠬᠤ ᠭᠠᠵᠠᠷ᠂ ᠵᠤᠴᠢᠳ ᠤᠨ ᠪᠠᠭᠤᠳᠠᠯ᠂ ᠲᠤᠯᠠᠭᠠᠯᠠᠭ᠎ᠠ ᠶᠢᠨ ᠺᠤᠮᠫᠠᠨᠢ᠂ ᠬᠤᠯᠤᠰᠤ ᠨᠠᠭᠦᠷᠠᠰᠤᠨ ᠠᠭᠤᠷᠬᠠᠢ᠂ ᠵᠥᠩ ᠲᠢᠶᠠᠨ ᠡᠾᠧ ᠴᠤᠸᠠᠩ ᠺᠤᠮᠫᠠᠨᠢ ᠶᠢᠨ ᠨᠠᠭᠦᠷᠠᠰᠤ ᠶᠢ ᠨᠠᠷᠢᠯᠢᠭ ᠪᠤᠯᠪᠠᠰᠤᠷᠠᠭᠤᠯᠬᠤ ᠵᠢᠱᠢᠶ᠎ᠡ ᠦᠵᠡᠭᠦᠯᠬᠦ ᠲᠥᠷᠥᠯ ᠵᠥᠢᠯ᠂ ᠥᠥᠰᠢᠨᠵᠤᠤ ᠪᠠᠯᠭᠠᠰᠤᠨ ᠤ ᠵᠥᠩ ᠮᠸᠢ ᠪᠦᠯᠦᠭᠯᠡᠯ ᠤᠨ ᠮᠧᠩ ᠳ᠋ᠠ ᠺᠤᠮᠫᠠᠨᠢ ᠶᠢᠨ 50 ᠲᠤᠨ ᠤ ᠪᠠᠷᠢᠯᠭ᠎ᠠ  ᠶᠢᠨ ᠰᠦᠯᠢᠶᠤᠤ ᠶᠢᠨ ᠲᠥᠷᠥᠯ ᠵᠥᠢᠯ ᠤᠨ ᠤᠷᠤᠨ ᠳᠤ ᠭᠦᠷᠴᠤ ᠠᠶᠤᠯᠭᠦᠢ ᠥᠢᠯᠡᠳᠪᠤᠷᠢᠯᠠᠯ ᠤᠨ ᠬᠠᠷᠢᠭᠤᠴᠠᠯᠭ᠎ᠠ  ᠶᠢᠨ ᠨᠠᠶᠢᠳᠠᠪᠤᠷᠢᠵᠢᠯᠲᠠ᠂ ᠲᠠᠯᠳᠠ ᠭᠡᠮ ᠢ ᠪᠠᠶᠢᠴᠠᠭᠠᠨ ᠴᠡᠭᠴᠡᠯᠡᠭᠰᠡᠨ ᠪᠠᠶᠢᠳᠠᠯ᠂ ᠪᠠᠴᠢᠮ ᠭᠡᠷᠡᠭᠯᠡᠭᠦ ᠡᠳ᠋ ᠪᠠᠷᠠᠭ᠎ᠠ  ᠶᠢᠨ ᠬᠠᠳᠠᠭᠠᠯᠠᠯᠳᠠ ᠪᠤᠯᠤᠨ ᠴᠠᠭᠠᠨ ᠰᠠᠷ᠎ᠠ ᠶᠢᠨ ᠬᠤᠭᠤᠴᠠᠭᠠᠨ ᠤ ᠵᠢᠵᠢᠭᠦᠷᠯᠡᠭᠦ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃
     ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠠᠶᠤᠯᠭᠦᠢ ᠶᠢᠨ ᠥᠵᠠᠯᠳᠠ ᠶᠢ ᠪᠠᠳᠤ ᠪᠠᠭᠢ ᠪᠤᠢ ᠪᠤᠯᠭᠠᠨ ᠠᠶᠤᠯᠭᠦᠢ ᠥᠢᠯᠡᠳᠪᠤᠷᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠶᠤᠯᠳᠠᠢ ᠭᠢᠮᠢ ᠶᠢᠨ ᠪᠤᠳᠠᠰ᠂ ᠬᠤᠸᠠᠷ ᠫᠤᠤᠵᠢᠩ ᠵᠡᠷᠭᠡ ᠭᠤᠤᠯᠳᠠᠯᠭ᠎ᠠ ᠲᠠᠢ ᠴᠠᠷᠠᠭ᠎ᠠ ᠪᠤᠯᠤᠨ ᠵᠤᠴᠢᠳ ᠤᠨ ᠪᠠᠭᠤᠳᠠᠯ᠂ ᠬᠤᠳᠠᠯᠳᠤᠭ᠎ᠠ ᠲᠡᠯᠭᠡᠭᠦᠷ ᠵᠡᠷᠭᠡ ᠭᠥᠮᠤᠨ ᠤᠯᠠᠨ ᠴᠤᠭᠯᠠᠷᠠᠬᠤ ᠭᠠᠵᠠᠷ ᠤᠨ ᠪᠠᠶᠢᠴᠠᠭᠠᠯᠳᠠ ᠭᠢᠨᠠᠯᠲᠠ ᠬᠠᠮᠢᠶᠠᠷᠤᠯᠳᠠ ᠶᠢ ᠴᠢᠩᠭᠠᠳᠬᠠᠬᠤ ᠭᠡᠷᠡᠭᠳᠠᠢ᠃ ᠡᠯ᠎ᠠ ᠠᠵᠤ ᠠᠬᠤᠶᠢᠯᠠᠯ ᠠᠶᠤᠯᠭᠦᠢ ᠥᠢᠯᠡᠳᠪᠤᠷᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠠᠨ᠂ ᠲᠠᠯᠳᠠ ᠭᠡᠮ ᠤᠨ ᠪᠠᠶᠢᠴᠠᠭᠠᠯᠳᠠ ᠶᠢ ᠰᠠᠶᠢᠨ ᠭᠢᠵᠤ ᠱᠠᠭᠠᠷᠳᠠᠯᠭ᠎ᠠ  ᠳᠤ ᠵᠤᠭᠢᠴᠠᠬᠤ ᠦᠭᠡᠢ ᠪᠤᠯ ᠲᠠᠷᠤᠢ ᠲᠥᠷᠭᠡᠨ ᠴᠡᠭᠴᠡᠯᠠᠨ ᠰᠠᠶᠢᠵᠢᠷᠠᠭᠤᠯᠵᠤ᠂ ᠡᠯ᠎ᠠ ᠲᠥᠷᠥᠯ ᠤᠨ ᠠᠶᠤᠯᠭᠦᠢ ᠥᠢᠯᠡᠳᠪᠤᠷᠢᠯᠠᠯ ᠤᠨ ᠭᠡᠨᠠᠳᠠᠯ ᠡᠭᠦᠰᠭᠦ ᠠᠴᠠ ᠡᠷᠡᠰ ᠰᠠᠷᠭᠡᠶᠢᠯᠠᠭᠦ ᠭᠡᠷᠡᠭᠳᠠᠢ ᠭᠡᠵᠡᠢ᠃
     ᠪᠠᠶᠢᠴᠠᠭᠠᠯᠳᠠ ᠶᠢᠨ ᠲᠠᠷᠠᠭ᠎ᠠ᠂ ᠵᠤᠤ ᠹᠸᠢ ᠯᠤ᠋ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠥᠥᠰᠢᠨᠵᠤᠤ ᠪᠠᠯᠭᠠᠰᠤᠨ ᠤ ᠪᠠᠶᠢᠴᠠᠭᠠᠯᠳᠠ ᠶᠢᠨ ᠴᠡᠭ ᠲᠤ ᠭᠥᠷᠴᠤ ᠵᠢᠵᠢᠭᠦᠷᠯᠠᠵᠤ ᠪᠠᠶᠢᠭ᠎ᠠ ᠴᠠᠭᠳᠠᠭ᠎ᠠ ᠨᠠᠷ ᠢ ᠪᠤᠯᠭᠤᠭᠠᠨ ᠥᠵᠠᠪᠠ᠃ ᠲᠠᠷᠠ ᠢᠯᠠᠷᠭᠡᠶᠢᠯᠡᠭᠦ ᠳᠤ ᠪᠠᠨ ᠠᠮᠤᠭᠤᠯᠠᠩ ᠥᠥᠰᠢᠨ ᠤ ᠪᠥᠳᠥᠭᠡᠨ ᠪᠠᠶᠢᠭᠤᠯᠤᠯᠳᠠ ᠨᠢ ᠥᠷᠭᠡᠨ ᠤᠯᠠᠨ ᠲᠤᠳᠤᠭᠠᠳᠤ ᠶᠢ ᠬᠠᠮᠠᠭᠠᠯᠠᠬᠤ ᠴᠠᠭᠳᠠᠭ᠎ᠠ ᠨᠠᠷ ᠤᠨ ᠰᠢᠷᠭᠠᠭᠤ ᠭᠥᠳᠡᠯᠮᠤᠷᠢ ᠠᠴᠠ ᠰᠠᠯᠵᠤ ᠴᠢᠳᠠᠰᠢ ᠥᠭᠡᠢ᠂ ᠥᠷᠭᠡᠨ ᠤᠯᠠᠨ ᠲᠤᠳᠤᠭᠠᠳᠤ ᠶᠢ ᠬᠠᠮᠠᠭᠠᠯᠠᠬᠤ ᠴᠠᠭᠳᠠᠭ᠎ᠠ ᠨᠠᠷ ᠭᠥᠴᠢᠷ ᠠᠴᠠ ᠠᠶᠤᠬᠤ ᠥᠭᠡᠢ ᠵᠥᠳᠠᠷᠠᠯ ᠠᠴᠠ ᠠᠶᠤᠬᠤ ᠥᠭᠡᠢ ᠵᠤᠷᠢᠭ ᠰᠠᠨᠠᠭ᠎ᠠ ᠪᠠᠨ ᠪᠠᠳᠠᠷᠠᠭᠤᠯᠤᠨ ᠵᠢᠵᠢᠭᠦᠷᠯᠠᠭᠦ ᠠᠵᠢᠯ ᠢ ᠰᠠᠶᠢᠨ ᠭᠢᠵᠤ ᠪᠥᠭᠦ ᠬᠤᠰᠢᠭᠤᠨ ᠤ ᠠᠷᠠᠳ ᠲᠥᠮᠡᠨ ᠢ ᠪᠠᠶᠠᠷ ᠪᠠᠶᠠᠰᠤᠯ ᠲᠠᠢ ᠴᠠᠭᠠᠨ ᠰᠠᠷ᠎ᠠ ᠪᠠᠨ ᠥᠩᠭᠡᠷᠡᠭᠦᠯᠭᠦ ᠶᠢ ᠪᠠᠲᠤᠯᠠᠬᠤ ᠶᠢ ᠭᠥᠰᠠᠵᠤ ᠪᠠᠶᠢᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号