ᠴᠠᠭᠠᠨ ᠰᠦᠯᠳᠡ ᠶᠢᠨ ᠭᠠᠯᠠᠶᠢᠬᠠᠨ ᠡᠬᠡ ᠲᠡᠭᠷᠢ ᠶᠢᠨ ᠭᠠᠯ ᠤᠨ ᠳᠠᠬᠢᠯᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2019-01-29
     
     1 ᠰᠠᠷ᠎ᠠ ᠶᠢᠨ 28 ᠤ ᠡᠳᠦᠷ᠂ ᠲᠠᠷᠤᠢ ᠦᠭᠡᠯᠵᠢᠨ ᠰᠠᠷ᠎ᠠ ᠶᠢᠨ ᠬᠤᠷᠢᠨ ᠭᠤᠷᠪᠠᠨ ᠳᠤ ᠴᠠᠭᠠᠨ ᠰᠦᠯᠳᠡ ᠶᠢᠨ ᠭᠠᠯᠠᠶᠢᠬᠠᠨ ᠡᠬᠡ ᠲᠡᠭᠷᠢ ᠶᠢᠨ ᠭᠠᠯ ᠳᠠᠬᠢᠯᠭ᠎ᠠ ᠴᠠᠭᠠᠨ ᠰᠦᠯᠳᠡ ᠠᠮᠢ ᠠᠬᠤᠢ ᠨᠡᠭᠦᠳᠡᠯ ᠰᠤᠶᠤᠯ ᠤᠨ ᠵᠢᠭᠤᠯᠴᠢᠯᠠᠯ ᠤᠨ ᠣᠷᠣᠨ ᠳᠤ ᠶᠠᠪᠤᠭᠳᠠᠪᠠ᠃ ᠭᠠᠯ ᠲᠠᠬᠢᠯᠭᠠᠨ ᠳᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠤᠯᠤᠰ ᠲᠦᠷᠦ ᠬᠠᠥᠯᠢ ᠴᠠᠭᠠᠵᠠ ᠶᠢᠨ ᠬᠤᠷᠢᠶ᠎ᠠ ᠶᠢᠨ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠦᠨᠲ ᠤᠨ ᠭᠡᠯᠲᠡᠰ  ᠤᠨ ᠲᠡᠷᠤᠭ᠎ᠠ ᠠᠯᠲᠠᠨᠲᠤᠶᠠᠭ᠎ᠠ ᠪᠤᠰᠤᠳ ᠵᠢᠴᠢ ᠰᠢᠶᠡᠨ ᠤ ᠲᠡᠰ ᠤᠨ ᠤᠳᠤᠷᠢᠳᠤᠯᠭ᠎ᠠ᠂ ᠤᠶᠢᠷ᠎ᠠ ᠬᠠᠪᠢ ᠶᠢᠨ ᠮᠠᠯᠴᠢᠳ ᠵᠡᠷᠭᠡ 280 ᠭᠠᠷᠤᠢ ᠬᠦᠮᠦᠰ ᠤᠷᠤᠯᠴᠠᠵᠤ᠂ ᠢᠷᠡᠬᠦ ᠵᠢᠯ ᠤᠨ ᠠᠵᠤ ᠠᠮᠢᠳᠤᠷᠠᠯ᠂ ᠠᠵᠢᠯ ᠦᠢᠯᠡᠰ ᠤᠨ  ᠢᠶᠠᠨ ᠦᠭᠡᠳᠡ ᠡᠰᠡᠷᠡᠭ ᠢ ᠬᠦᠰᠡᠨ ᠳᠠᠭᠠᠳᠬᠠᠭᠰᠠᠨ ᠪᠠᠶᠢᠨ᠎ᠠ᠃
     ᠴᠠᠭᠠᠨ ᠰᠦᠯᠳᠡ ᠶᠢᠨ ᠭᠠᠯᠠᠶᠢᠬᠠᠨ ᠡᠬᠡ ᠲᠡᠭᠷᠢ ᠶᠢᠨ ᠭᠠᠯ ᠳᠠᠬᠢᠯᠭ᠎ᠠ ᠵᠢᠯ ᠪᠣᠯᠭᠠᠨ ᠤ ᠣᠷᠳᠣᠰ ᠳᠣᠭᠠᠯᠠᠯ  ᠤᠨ ᠦᠭᠡᠯᠵᠢᠨ ᠰᠠᠷ᠎ᠠ ᠶᠢᠨ ᠬᠤᠷᠢᠨ ᠭᠤᠷᠪᠠᠨ ᠳᠤ ᠶᠠᠪᠤᠭᠳᠠᠳᠠᠭ᠃ ᠳᠠᠬᠢᠯᠭ᠎ᠠ ᠨᠢ ᠤᠯᠠᠮᠵᠢᠯᠠᠯᠲᠤ ᠴᠠᠭᠠᠨ ᠰᠦᠯᠳᠡ  ᠶᠢᠨ ᠭᠠᠯ ᠳᠠᠬᠢᠯᠭ᠎ᠠ ᠶᠢᠨ ᠳᠡᠰ ᠳᠠᠷᠠᠭᠠᠯᠠᠯ ᠢᠶᠠᠷ ᠶᠡᠭᠡ ᠠᠷᠢᠭᠤᠨ ᠰᠠᠩ ᠤᠩᠰᠢᠬᠤ᠂ ᠭᠠᠯᠢᠢᠬᠠᠨ ᠡᠬᠡ ᠲᠡᠭᠷᠢ ᠶᠢ ᠤᠷᠢᠨ ᠵᠠᠯᠠᠬᠤ ᠨᠣᠮ ᠤᠩᠰᠢᠬᠤ᠂ ᠭᠤᠯᠣᠮᠳᠠ ᠶᠢᠨ ᠡᠵᠡᠨ ᠠᠴᠠ ᠭᠠᠯ ᠴᠠᠬᠢᠵᠤ ᠡᠪᠴᠢᠭᠦᠦ ᠲᠡᠷᠢᠭᠦᠲᠡᠨ ᠢ ᠭᠠᠯ ᠳᠤ  ᠪᠠᠨ ᠡᠷᠭᠦᠭᠦ᠂ ᠦᠴᠢᠭ ᠲᠠᠭᠠᠳᠬᠠᠯ ᠤᠩᠰᠢᠬᠤ ᠵᠡᠷᠭᠡ ᠤᠯᠠᠮᠵᠢᠯᠠᠯᠲᠤ ᠶᠤᠰᠤᠨ ᠢᠶᠠᠷ ᠶᠠᠪᠤᠭᠳᠠᠭᠰᠠᠨ ᠤ ᠲᠠᠷᠠᠭ᠎ᠠ ᠭᠠᠯ ᠳᠤ ᠪᠠᠨ ᠮᠦᠷᠭᠦᠵᠦ ᠭᠠᠯ ᠤᠨ ᠭᠡᠰᠢᠭ ᠬᠦᠷᠲᠡᠳᠡᠭ ᠪᠠᠶᠢᠨ᠎ᠠ᠃
     ᠤᠶᠢᠷ᠎ᠠ ᠶᠢᠨ ᠵᠢᠯ ᠠᠴᠠ ᠮᠠᠨ ᠤ ᠬᠤᠰᠢᠭᠤ ᠴᠠᠭᠠᠨ ᠰᠦᠯᠳᠡ ᠠᠮᠢ ᠠᠬᠤᠢ ᠨᠡᠭᠦᠳᠡᠯ ᠰᠤᠶᠤᠯ ᠤᠨ ᠵᠢᠭᠤᠯᠴᠢᠯᠠᠯ ᠤᠨ ᠣᠷᠣᠨ ᠳᠤ ᠭᠠᠯᠠᠶᠢᠬᠠᠨ ᠡᠬᠡ ᠲᠡᠭᠷᠢ ᠶᠢᠨ ᠭᠠᠯ ᠲᠠᠬᠢᠯᠭ᠎ᠠ ᠶᠢ ᠡᠬᠢᠯᠡᠨ ᠶᠠᠪᠤᠭᠳᠠᠭᠤᠯᠵᠤ ᠤᠯᠠᠨ ᠬᠦᠮᠦᠰ ᠲᠤ ᠤᠯᠠᠮᠵᠢᠯᠯᠠᠲᠤ ᠭᠠᠯ ᠲᠠᠬᠢᠯᠭ᠎ᠠ ᠶᠢᠨ ᠵᠠᠩ ᠦᠢᠯᠡ ᠶᠢ ᠭᠦᠢᠴᠡᠳᠬᠡᠬᠦ ᠲᠠᠪᠴᠠᠩ ᠬᠠᠩᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号