ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠤᠤ ᠹᠸᠢ ᠯᠦ ᠴᠠᠭᠠᠨ ᠰᠠᠷ᠎ᠠ ᠠᠴᠠ ᠡᠮᠦᠨᠡᠭᠡᠨ ᠠᠷᠠᠳ ᠤᠨ ᠵᠡᠪᠰᠡᠭᠲᠦ ᠬᠦᠴᠦᠨ ᠤ ᠭᠡᠯᠲᠡᠰ ᠵᠠᠪᠰᠡᠭᠲᠤ ᠴᠠᠭᠳᠠᠭᠠᠨ ᠤ ᠳᠤᠮᠳᠠ ᠠᠩᠭᠢ ᠪᠤᠯᠤᠨ ᠬᠦᠴᠢᠷᠳᠡᠯᠲᠡᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2019-01-29
     
     ᠴᠠᠭᠠᠨ ᠰᠠᠷ᠎ᠠ ᠬᠦᠷᠴᠦ ᠢᠷᠡᠬᠦ ᠪᠠᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠤᠤ ᠹᠸᠢ ᠯᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠦᠯᠦᠭᠡᠯᠡᠨ ᠠᠷᠠᠳ ᠤᠨ ᠵᠡᠪᠰᠡᠭᠲᠦ ᠬᠦᠴᠦᠨ ᠤ ᠭᠡᠯᠲᠡᠰ᠂ ᠵᠡᠪᠰᠡᠭᠲᠦ ᠴᠠᠭᠳᠠᠭᠠᠨ ᠤ ᠳᠤᠮᠳᠠ ᠠᠩᠭᠢ ᠪᠣᠯᠣᠨ ᠬᠦᠴᠢᠷᠳᠡᠯᠲᠡᠢ ᠤᠯᠠᠨ ᠲᠦᠮᠡᠨ ᠢ ᠪᠤᠯᠭᠤᠭᠠᠨ ᠲᠣᠬᠤᠨᠢᠭᠤᠯᠪᠠ᠃ ᠬᠤᠰᠢᠭᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠳᠣᠪᠴᠢᠶᠠᠨ ᠤ ᠳᠠᠷᠤᠭ᠎ᠠ ᠪᠡᠶᠠᠠᠴᠡᠩᠭᠡᠯ ᠵᠢᠴᠢ ᠬᠤᠰᠢᠭᠤ ᠵᠠᠰᠠᠭ ᠤᠨ ᠣᠷᠳᠤᠨ ᠤ ᠠᠯᠪᠠᠨ ᠭᠡᠷ᠂ ᠠᠷᠠᠳ ᠤᠨ ᠶᠡᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠪᠠ᠃
     ᠵᠤᠤ ᠹᠸᠢ ᠯᠦ ᠨᠠᠷ ᠤᠷᠢᠳ ᠬᠤᠵᠢᠳ ᠠᠷᠠᠳ ᠤᠨ ᠵᠡᠪᠰᠡᠭᠲᠦ ᠬᠦᠴᠦᠨ ᠤ ᠭᠡᠯᠲᠡᠰ᠂ ᠵᠡᠪᠰᠡᠭᠲᠦ ᠴᠠᠭᠳᠠᠭᠠᠨ ᠤ ᠳᠤᠮᠳᠠ ᠠᠩᠭᠢ ᠳᠤ ᠬᠦᠷᠴᠦ ᠠᠵᠢᠯ ᠤᠨ ᠨᠢᠭᠡᠳᠦᠭᠡᠷ ᠹᠷᠣᠨᠲ ᠳᠡᠭᠡᠷ᠎ᠡ ᠰᠠᠬᠢᠵᠤ ᠪᠠᠶᠢᠭ᠎ᠠ ᠳᠠᠷᠤᠭ᠎ᠠ ᠪᠠᠶᠢᠯᠳᠤᠭᠴᠢ ᠶᠢ ᠪᠤᠯᠭᠤᠭᠠᠨ ᠲᠣᠬᠤᠨᠢᠭᠤᠯᠵᠤ᠂ ᠲᠡᠳᠡᠨ ᠲᠠᠢ ᠲᠤᠳᠤᠨᠤᠰᠤᠭ ᠢᠶᠠᠷ ᠶᠠᠷᠢᠯᠴᠠᠨ ᠲᠡᠳᠡᠨ ᠤ ᠡᠳᠦᠷ ᠲᠣᠳᠤᠮ ᠤᠨ ᠪᠤᠯᠪᠠᠰᠤᠷᠠᠯ ᠪᠤᠯᠤᠨ ᠠᠵᠢᠯ ᠠᠮᠢᠳᠤᠷᠠᠯ ᠤᠨ ᠪᠠᠶᠢᠳᠠᠯ ᠢ ᠤᠶᠢᠯᠠᠭᠠᠭᠰᠠᠨ ᠤ ᠬᠠᠮᠲᠦ ᠲᠡᠳᠡᠨ ᠤ ᠨᠡᠶᠢᠭᠡᠮ ᠤᠨ ᠲᠣᠭᠳᠠᠭᠤᠨ ᠢ ᠪᠠᠲᠤᠯᠠᠬᠤ᠂ ᠭᠡᠨᠡᠲᠡᠯ ᠬᠡᠷᠡᠭ ᠢ ᠰᠢᠢᠳᠪᠤᠷᠢᠯᠡᠬᠦ ᠵᠡᠷᠭᠡ ᠠᠵᠢᠯ ᠤᠨ ᠳᠤᠮᠲᠠ ᠤᠯᠤᠭᠰᠠᠨ ᠦᠷ᠎ᠡ ᠪᠦᠲᠦᠮᠵᠢ ᠳᠤ ᠬᠦᠢᠴᠡᠳ ᠨᠣᠳᠠᠯᠠᠯᠲᠠ ᠦᠭᠴᠦ᠂ ᠲᠡᠳᠡᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ  ᠤᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠯ ᠢᠶᠠᠨ ᠲᠡᠪᠰᠢᠭᠦᠯᠪᠡ᠃ ᠵᠤᠤ ᠹᠸᠢ ᠯᠦ ᠪᠠᠰᠠ ᠲᠡᠳᠡᠨ ᠢ ᠦᠷᠭᠦᠯᠵᠢᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ᠂ ᠠᠵᠢᠯ ᠤᠨ ᠪᠠᠶᠢᠷᠢ ᠪᠠᠨ ᠪᠠᠲᠦ ᠰᠠᠬᠢᠨ ᠴᠠᠭᠠᠨ ᠰᠠᠷ᠎ᠠ ᠶᠢᠨ ᠵᠢᠵᠢᠭᠦᠷᠯᠡᠬᠦ ᠠᠵᠢᠯ ᠢᠶᠠᠨ ᠰᠠᠶᠢᠲᠤᠷ ᠲᠣᠬᠢᠷᠠᠭᠤᠯᠵᠤ᠂ ᠨᠤᠮᠢᠨ ᠲᠠᠩᠰᠤᠭ ᠦᠦᠰᠢᠨ ᠤ ᠰᠢᠨ᠎ᠡ ᠴᠠᠭ ᠦᠶ᠎ᠡ ᠳᠠᠬᠢ ᠨᠣᠮᠢᠨ ᠳᠠᠩᠰᠤᠭ ᠬᠦᠭᠵᠢᠨ ᠮᠠᠨᠳᠤᠯᠲᠠ ᠶᠢ ᠪᠡᠶᠡᠯᠡᠬᠦᠯᠬᠦ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠶᠢ ᠬᠦᠰᠡᠪᠡ᠃
     ᠵᠤᠤ ᠹᠸᠢ ᠯᠦ ᠨᠠᠷ ᠪᠠᠰᠠ ᠬᠦᠴᠢᠷᠳᠡᠯᠲᠡᠢ ᠤᠯᠠᠨ ᠲᠦᠮᠡᠨ ᠤ ᠬᠢᠨ ᠳᠤ ᠬᠦᠷᠴᠦ᠂ ᠲᠡᠳᠡᠨ ᠤ ᠪᠡᠶ᠎ᠡ ᠮᠠᠬᠠᠪᠤᠳ ᠤᠨ ᠪᠠᠶᠢᠳᠠᠯ ᠪᠣᠯᠣᠨ ᠭᠡᠷ ᠪᠦᠯᠢ ᠶᠢᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠤᠷᠤᠰᠢᠵᠤ ᠪᠠᠶᠢᠭ᠎ᠠ ᠬᠦᠴᠢᠷᠳᠡᠯ ᠢ ᠨᠠᠷᠢᠨ ᠤᠶᠢᠯᠠᠭᠠᠵᠤ᠂ ᠳᠡᠲᠡᠨ ᠢ ᠢᠲᠡᠭᠡᠯ ᠵᠣᠷᠢᠭ ᠢᠶᠠᠨ ᠬᠦᠪᠴᠢᠯᠡᠨ᠂ ᠬᠦᠴᠢᠷᠳᠡᠯ ᠢᠶᠠᠨ ᠢᠯᠡᠭᠦᠭᠡᠨ ᠲᠤᠰᠬᠠᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠦᠬᠦ ᠬᠦᠴᠦᠨ  ᠢᠶᠠᠷ ᠢᠶᠠᠨ ᠴᠢᠷᠮᠠᠶᠢᠵᠤ ᠲᠡᠮᠵᠢᠯᠭᠡ ᠦᠵᠡᠬᠦᠯᠬᠦ ᠶᠤᠮ ᠭᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号