ᠤᠷᠠᠨ ᠪᠦᠰᠡᠭᠦᠶᠢᠴᠤᠳ ᠰᠢᠨ᠎ᠡ ᠤᠨ ᠢᠶᠠᠨ ᠤᠳᠬ᠎ᠠ ᠠᠭᠤᠯᠭ᠎ᠠ ᠲᠠᠢ ᠤᠭᠳᠤᠪᠠ
ᠨᠡᠶᠢᠲᠡᠯᠡᠭᠰᠡᠨ ᠴᠠᠭ᠄
2019-01-03
      ᠬᠠᠭᠤᠴᠢᠨ ᠤᠨ ᠢᠶᠠᠨ ᠠᠮᠵᠢᠯᠳᠠ ᠲᠦᠬᠦᠷᠡᠩ ᠦᠳᠡᠵᠦ ᠰᠢᠨ᠎ᠡ ᠤᠨ ᠢᠶᠠᠨ ᠡᠷᠴᠢ ᠬᠦᠴᠦ ᠲᠠᠢ ᠤᠭᠳᠤᠵᠤ ᠪᠠᠶᠢᠭ᠎ᠠ ᠡᠨᠡᠬᠦ ᠠᠯᠳᠠᠨ ᠪᠤᠱᠤᠭᠠᠨ ᠲᠡᠬᠡᠷ᠎ᠡ ᠡᠯ᠎ᠡ ᠠᠵᠢᠯ ᠲᠦᠷᠦᠯ ᠤᠨ ᠬᠢᠨ ᠦᠪᠡᠷ ᠦᠪᠡᠷ ᠤᠨ ᠠᠷᠭ᠎ᠠ ᠬᠡᠯᠪᠡᠷᠢ ᠪᠠᠷ ᠰᠢᠨ᠎ᠡ ᠤᠨ ᠢᠶᠠᠨ ᠤᠭᠳᠤᠵᠤ ᠰᠢᠨ᠎ᠡ ᠠᠮᠢᠳᠤᠷᠠᠯ ᠢᠶᠠᠨ ᠦᠷᠬᠦᠯᠵᠢᠯᠠᠨ ᠴᠤᠭᠴᠠᠯᠠᠬᠤ ᠪᠠᠷ ᠮᠠᠷᠠᠶᠢᠨ᠎ᠠ᠃ ᠲᠤᠭ ᠪᠠᠯᠭᠠᠰᠤᠨ ᠤ ᠲᠤᠪᠤᠭ ᠭᠠᠴᠠᠭᠠᠨ ᠤ ᠮᠠᠯᠴᠢᠨ ᠪᠦᠰᠡᠭᠦᠶᠢᠴᠤᠳ ᠠᠯᠲᠠᠨᠰᠤᠳᠤ ᠶᠢᠨ ᠳᠤ ᠴᠤᠭᠯᠠᠷᠠᠵᠤ ᠤᠯᠤᠰ ᠤᠷᠤᠨ ᠤ ᠪᠠᠨ ᠬᠦᠭᠵᠢᠯᠳᠡ ᠶᠢ ᠪᠢᠰᠢᠷᠡᠨ ᠪᠠᠭ᠋ᠠᠳᠤᠵᠤ᠂ ᠴᠢᠨᠡᠬᠡᠯᠢᠭ ᠠᠮᠢᠳᠤᠷᠠᠯ ᠢᠶᠠᠨ ᠮᠠᠭᠳᠠᠨ ᠲᠠᠭᠤᠯᠠᠭᠰᠠᠨ ᠤᠷᠳᠤᠰ ᠤᠯᠠᠮᠵᠢᠯᠠᠯᠲᠤ ᠬᠠᠳᠬᠤᠮᠠᠯ ᠤᠷᠠᠯᠠᠯ ᠢᠶᠠᠨ ᠤᠷᠠᠯᠠᠵᠤ ᠰᠢᠨ᠎ᠡ ᠤᠨ ᠢᠶᠠᠨ ᠤᠭᠳᠤᠪᠠ᠃      ᠮᠠᠯᠴᠢᠨ ᠠᠯᠲᠠᠨᠰᠤᠳᠤ ᠠᠯᠢ ᠡᠷᠳᠡ ᠠᠴᠠ ᠬᠠᠳᠬᠤᠮᠠᠯ ᠤᠷᠠᠯᠠᠯ ᠳᠤ ᠪᠠᠭ᠋ᠠᠳᠠᠢ ᠴᠤ ᠬᠦᠨᠳᠦ ᠨᠦᠰᠡᠷ ᠬᠦᠳᠡᠯᠮᠦᠷᠢ ᠠᠵᠢᠯ ᠳᠤ ᠪᠠᠷᠢᠭᠳᠠᠨ ᠲᠤᠯᠤᠭᠠᠢ ᠡᠷᠬᠦᠬᠦ ᠵᠠᠪ ᠦᠬᠡᠢ ᠶᠠᠭᠠᠷᠠᠵᠤ ︽ᠰᠢᠷ᠎ᠠ ᠡᠳᠦᠷ ᠪᠤᠷᠤ ᠬᠤᠨᠤᠭ︾ ᠢ ᠯᠠ ᠦᠩᠬᠡᠷᠡᠬᠡᠳᠡᠭ ᠪᠠᠶᠢᠵᠠᠢ᠃ ᠤᠯᠤᠰ ᠤᠨ ᠦᠭᠡᠷᠡᠴᠢᠯᠡᠯᠲᠡ ᠨᠡᠭᠡᠭᠡᠯᠲᠡ ᠶᠢᠨ ᠲᠦᠷᠦ ᠶᠢᠨ ᠪᠤᠳᠤᠯᠭ᠎ᠠ ᠶᠢᠨ ᠬᠦᠨᠵᠡᠬᠡᠶᠢᠷᠡᠬᠦ ᠶᠢ ᠲᠠᠭᠠᠯᠳᠤᠨ ᠠᠯᠲᠠᠨᠰᠤᠳᠤ ᠶᠢᠨ ᠠᠮᠢᠳᠤᠷᠠᠯ ᠳᠤ ᠯᠤᠳᠤ ᠶᠡᠭᠡ ᠬᠤᠪᠢᠷᠠᠯᠳᠠ ᠭᠠᠷᠴᠤ ᠮᠠᠰᠢᠨᠴᠢᠯᠠᠯᠳᠠ ᠤᠶᠤᠨᠴᠢᠯᠠᠯᠳᠠ ᠶᠢ ᠦᠢᠯᠡᠳᠪᠤᠷᠢᠯᠡᠯ ᠠᠮᠢᠳᠤᠷᠠᠯ ᠳᠠᠭᠠᠨ ᠪᠡᠶᠡᠯᠡᠬᠦᠯᠦᠭᠰᠡᠨ ᠢᠶᠠᠷ ᠰᠡᠯᠡᠬᠦᠦ ᠴᠠᠭ ᠢᠶᠠᠷ  ᠢᠶᠠᠨ ᠭᠠᠴᠠᠭᠠᠨ ᠤ ᠪᠠᠨ ᠪᠦᠰᠡᠬᠦᠶᠢᠴᠤᠳ ᠢᠶᠠᠨ ᠲᠠᠶᠢᠴᠢᠯᠠᠵᠤ ᠬᠠᠮᠳᠤᠪᠠᠷ ᠢᠶᠠᠨ ᠬᠦᠰᠡᠵᠤ ᠮᠦᠷᠦᠬᠡᠳᠦᠭᠰᠡᠬᠡᠷ ᠢᠷᠡᠭᠰᠡᠨ ᠬᠠᠳᠬᠤᠮᠠᠯ ᠤᠷᠠᠯᠠᠯ ᠢᠶᠠᠨ ᠤᠷᠠᠯᠠᠵᠤ ᠰᠠᠭᠤᠳᠠᠭ ᠮᠦᠷᠳᠡᠬᠡᠨ ᠡᠨᠡ ᠮᠡᠷᠬᠡᠵᠢᠯ ᠢ ᠲᠡᠯᠬᠡᠷᠡᠬᠦᠯᠬᠦ ᠶᠢ ᠬᠢᠴᠢᠶᠡᠳᠡᠭ ᠪᠤᠯᠤᠭᠰᠠᠨ ᠪᠠᠶᠢᠨ᠎ᠠ᠃      ᠠᠯᠲᠠᠨᠰᠤᠳᠤ ᠶᠢᠨ ᠭᠠᠴᠠᠭᠠᠨ ᠤ ᠮᠠᠯᠴᠢᠨ ᠪᠦᠰᠡᠬᠦᠶᠢᠴᠤᠳ ᠤᠨ ᠰᠤᠶᠤᠯ ᠤᠨ ᠠᠮᠢᠳᠤᠷᠠᠯ ᠪᠤᠯ ᠦᠭᠡᠷᠡᠴᠢᠯᠡᠯᠲᠡ ᠨᠡᠭᠡᠭᠡᠯᠲᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢ ᠠᠬᠢᠭᠤᠯᠤᠭᠰᠠᠨ ᠤ ᠬᠢᠨᠢ ᠨᠢᠬᠡ ᠬᠤᠷᠢᠶᠠᠩᠭᠤᠢ ᠲᠤᠰᠬᠠᠯ ᠪᠤᠯᠤᠨ᠎ᠠ᠃ ᠬᠦᠮᠦᠰ ᠤᠨ ᠦᠵᠡᠯᠲᠡ ᠲᠠᠨᠢᠯᠲᠠ ᠦᠭᠡᠷᠡᠴᠢᠯᠡᠯᠲᠡ ᠨᠡᠭᠡᠭᠡᠯᠲᠡ ᠬᠢᠬᠦ ᠶᠢ ᠲᠠᠭᠠᠯᠳᠤᠨ ᠮᠠᠰᠢ ᠲᠦᠷᠬᠡᠨ ᠢᠶᠠᠷ ᠦᠭᠡᠷᠡᠴᠢᠯᠡᠭᠳᠡᠵᠦ᠂ ᠪᠦᠬᠦᠳᠡᠬᠡᠷ  ᠢᠶᠠᠨ ᠠᠮᠢᠳᠤᠷᠠᠯ ᠢᠶᠠᠨ ᠴᠢᠨᠡᠬᠡᠯᠢᠭᠵᠢᠬᠦᠯᠬᠦ ᠠᠴᠠ ᠭᠠᠳᠠᠨ᠎ᠠ ᠪᠠᠰᠠ ᠦᠪᠡᠷ ᠤᠨ ᠲᠤᠷ᠎ᠠ ᠪᠠᠭ᠋ᠠᠲᠠᠢ ᠵᠦᠢᠯ ᠢᠶᠠᠨ ᠤᠷᠤᠯᠳᠤᠨ ᠰᠤᠷᠴᠤ ᠬᠢᠬᠦ ᠪᠤᠯᠤᠭᠰᠠᠨ ᠨᠢ ᠨᠢᠬᠡᠨᠳᠡ ᠲᠦᠬᠡᠮᠡᠯ ᠪᠤᠯᠵᠠᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号