ᠬᠤᠰᠢᠭᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ ᠪᠤᠯᠤᠨ ᠲᠠᠷᠬᠠᠨᠯᠠᠮ᠎ᠠ ᠭᠠᠴᠠᠭ᠎ᠠ ᠬᠠᠮᠲᠤᠷᠠᠨ ︽ᠰᠢᠨ᠎ᠡ ᠵᠢᠯ ᠢ ᠤᠭᠲᠤᠬᠤ︾  ᠨᠠᠮ ᠤᠨ ᠭᠡᠰᠢᠭᠦᠳ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019-01-03
      12 ᠰᠠᠷ᠎ᠠ ᠶᠢᠨ 28 ᠤ ᠡᠳᠦᠷ᠂ ᠬᠤᠰᠢᠭᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ ᠪᠤᠯᠤᠨ ᠲᠤᠭ ᠪᠠᠯᠭᠠᠰᠤᠨ ᠤ ᠲᠠᠷᠬᠠᠨᠯᠠᠮ᠎ᠠ ᠭᠠᠴᠠᠭ᠎ᠠ ᠬᠠᠮᠲᠤᠷᠠᠨ ︽ᠰᠢᠨ᠎ᠡ ᠵᠢᠯ ᠢ ᠤᠭᠲᠤᠬᠤ︾ ᠨᠠᠮ  ᠤᠨ ᠭᠡᠰᠢᠭᠦᠳ ᠤᠨ ᠠᠵᠢᠯᠯᠠᠭ᠎ᠠ ᠦᠷᠨᠢᠭᠦᠯᠪᠡ᠃ ᠬᠤᠰᠢᠭᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶᠠᠨ ᠤ ᠪᠦᠬᠦ ᠨᠠᠮ ᠤᠨ ᠭᠡᠰᠢᠭᠦᠨ᠂ ᠲᠤᠭ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠲᠠᠷᠬᠠᠨᠯᠠᠮ᠎ᠠ ᠭᠠᠴᠠᠭᠠᠨ ᠤ ᠪᠦᠬᠦ ᠨᠠᠮ ᠤᠨ ᠭᠡᠰᠢᠭᠦᠨ ᠠᠵᠢᠯᠯᠠᠭ᠎ᠠ ᠳᠤ ᠤᠷᠤᠯᠴᠠᠪᠠ᠃      ᠠᠵᠢᠯᠯᠠᠭ᠎ᠠ ᠳᠡᠭᠡᠷ᠎ᠡ ᠬᠤᠰᠢᠭᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠲᠠᠷᠬᠠᠨᠯᠠᠮ᠎ᠠ ᠭᠠᠴᠠᠭᠠᠨ ᠤ ᠨᠠᠮ ᠤᠨ ᠭᠡᠰᠢᠭᠦᠳ ᠲᠤ ᠲᠤᠮᠳᠠᠲᠤ ᠤᠯᠤᠰ  ᠤᠨ ᠡᠪ ᠬᠠᠮᠲᠤ ᠨᠠᠮ ᠤᠨ ᠨᠠᠮ ᠤᠨ ᠲᠦᠷᠢᠮ ᠤᠨ ᠪᠠᠶᠢᠭᠤᠯᠤᠯᠲᠠ᠂ ᠨᠠᠮ ᠤᠨ ᠲᠦᠷᠢᠮ ᠤᠨ ᠦᠨᠳᠦᠰᠦᠨ ᠠᠭᠤᠯᠭ᠎ᠠ᠂ ︽ᠲᠦᠷᠪᠡ ᠶᠢ ᠪᠦᠷᠢᠯᠳᠦᠭᠦᠯᠦᠭᠰᠡᠨ︾ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ᠂ ᠶᠠᠭᠤᠨ ᠳᠤ ᠨᠠᠮ ᠤᠨ ᠭᠡᠰᠢᠭᠦᠨ ᠪᠤᠯᠬᠤ᠂ ᠨᠠᠮ ᠤᠨ ᠲᠦᠷᠢᠮ ᠢ ᠰᠤᠷᠤᠯᠴᠠᠬᠤ ᠠᠵᠢᠯᠯᠠᠭ᠎ᠠ ᠦᠷᠨᠢᠭᠦᠯᠬᠦ ᠵᠡᠷᠭᠡ ᠲᠦᠷᠪᠡᠨ ᠲᠠᠯ᠎ᠠ  ᠶᠢᠨ ᠠᠭᠤᠯᠭ᠎ᠠ ᠪᠠᠷ ᠲᠤᠰᠬᠠᠢ ᠰᠡᠲᠤᠪᠲᠤ ᠲᠠᠶᠢᠯᠤᠮᠵᠢ ᠭᠢᠵᠤ᠂ ᠨᠠᠮ ᠤᠨ ᠲᠦᠷᠢᠮ ᠲᠤᠭᠲᠠᠭᠠᠯ ᠢ ᠬᠢᠨᠠᠮᠠᠭᠠᠢ ᠰᠤᠷᠤᠯᠴᠠᠵᠤ᠂ ᠨᠠᠮ ᠤᠨ ᠭᠡᠰᠢᠭᠦᠨ ᠤ ᠡᠭᠦᠷᠭᠡ ᠪᠠᠨ ᠪᠠᠲᠤ ᠴᠡᠭᠡᠵᠢᠯᠡᠨ᠂ ᠨᠠᠮ ᠤᠨ ᠭᠡᠰᠢᠭᠦᠨ ᠤ ᠤᠬᠠᠮᠰᠠᠷ ᠢᠶᠠᠨ ᠴᠢᠩᠭᠠᠳᠬᠠᠵᠤ᠂ ᠨᠠᠮ ᠢᠶᠠᠨ ᠬᠠᠶᠢᠷᠠᠯᠠᠬᠤ ᠶᠢ ᠤᠷᠢᠶᠠᠯᠠᠭᠰᠠᠨ ᠤ ᠬᠠᠮᠳᠤ ᠲᠠᠷᠬᠠᠨᠯᠠᠮ᠎ᠠ ᠭᠠᠴᠠᠭᠠᠨ ᠤ ᠨᠠᠮ ᠤᠨ ᠲᠡᠷᠢᠭᠦᠨ ᠤ ᠠᠵᠢᠯᠯᠠᠭᠴᠢ᠂ ᠠᠬᠠᠮᠠᠳ ᠨᠠᠮ ᠤᠨ ᠭᠡᠰᠢᠭᠦᠨ᠂ ᠵᠢᠱᠢᠶᠡᠴᠢ ᠨᠠᠮ ᠤᠨ ᠭᠡᠰᠢᠭᠦᠨ᠂ ᠨᠠᠮ ᠤᠨ ᠭᠡᠴᠢᠶᠡᠯ ᠬᠦᠮᠦᠵᠢᠯ ᠳᠤ ᠤᠷᠤᠯᠴᠠᠭᠰᠠᠨ ᠢᠳᠡᠪᠬᠢᠲᠡᠨ ᠢ ᠲᠤᠰ ᠲᠤᠰ ᠱᠠᠩᠨᠠᠨ ᠭᠦᠬᠢᠭᠦᠯᠦᠭᠰᠡᠨ ᠪᠠᠶᠢᠨ᠎ᠠ᠃     ᠠᠵᠢᠯᠯᠠᠭ᠎ᠠ ᠲᠡᠭᠡᠷ᠎ᠡ ᠪᠠᠰᠠ ᠬᠦᠵᠦᠷ ᠨᠠᠭᠠᠳᠬᠤ᠂ ᠤᠨᠢᠰᠤᠭ᠎ᠠ ᠲᠠᠭᠠᠬᠤ᠂ ᠵᠦᠢᠷ ᠰᠡᠴᠡᠨ ᠦᠭᠡ ᠪᠥᠷᠢᠨ ᠪᠤᠯᠭᠠᠬᠤ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠨᠤᠭᠤᠳ ᠢ ᠦᠷᠨᠢᠭᠦᠯᠦᠨ ᠬᠠᠮᠳᠤᠪᠠᠷ ᠢᠶᠠᠨ ᠰᠢᠨ᠎ᠡ ᠵᠢᠯ  ᠢᠶᠠᠨ ᠤᠭᠳᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号