ᠪᠥᠭᠦ ᠬᠤᠰᠢᠭᠤᠨ ᠤ ᠰᠥᠯᠵᠢᠶᠠᠨ ᠤ ᠠᠮᠤᠷ ᠲᠥᠪᠰᠢᠨ ᠪᠤᠯᠤᠨ ᠮᠡᠳᠡᠭᠡ ᠵᠠᠩᠭᠢᠴᠢᠯᠠᠯᠳᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-03
      12 ᠰᠡᠷ᠎ᠠ ᠶᠢᠨ 26 ᠤ ᠡᠳᠤᠷ᠂ ᠪᠥᠭᠦ ᠬᠤᠰᠢᠭᠤᠨ ᠤ ᠰᠥᠯᠵᠢᠶᠠᠨ ᠤ ᠠᠮᠤᠷ ᠲᠥᠪᠰᠢᠨ ᠪᠤᠯᠤᠨ ᠮᠡᠳᠡᠭᠡ ᠵᠠᠩᠭᠢᠴᠢᠯᠠᠯᠳᠠ ᠶᠢᠨ ᠠᠵᠢᠯ ᠤᠨ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ  ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠭᠤᠤ ᠬᠤ᠋᠂ ᠯᠸᠢ ᠬᠠᠰ ᠪᠤᠯᠤᠨ ᠬᠤᠰᠢᠭᠤ ᠨᠠᠮ ᠤᠨ ᠬᠤᠷᠢᠶᠠᠨ ᠤ ᠰᠥᠯᠵᠢᠶᠠᠨ ᠤ ᠠᠮᠤᠷ ᠲᠥᠪᠰᠢᠨ ᠪᠤᠯᠤᠨ ᠮᠡᠳᠡᠭᠡ ᠵᠠᠩᠭᠢᠴᠢᠯᠠᠯᠳᠠ ᠶᠢᠨ ᠠᠵᠢᠯ  ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠳᠠᠨ ᠪᠤᠯᠤᠨ ᠡᠯ᠎ᠡ ᠰᠤᠮᠤ ᠪᠠᠯᠭᠠᠰᠤ ᠪᠤᠯᠤᠨ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠤᠨ ᠭᠤᠤᠯᠳᠠᠯᠭ᠎ᠠ ᠲᠠᠢ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠵᠤ᠂ ᠹᠧᠩ ᡁᠢ ᠮᠢᠩ ᠬᠤᠷᠠᠯ ᠡᠷᠬᠢᠯᠡᠪᠡ᠃
     ᠬᠤᠷᠠᠯ ᠲᠡᠭᠡᠷ᠎ᠡ᠂ ᠹᠧᠩ ᡁᠢ ᠮᠢᠩ ᠲᠥᠪ᠂ ᠥᠪᠠᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶᠠᠨ ᠤ ᠰᠥᠯᠵᠢᠶᠠᠨ ᠤ ᠠᠮᠤᠷ ᠲᠥᠪᠰᠢᠨ ᠪᠤᠯᠤᠨ ᠮᠡᠳᠡᠭᠡ ᠵᠠᠩᠭᠢᠴᠢᠯᠠᠯᠳᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠯᠪᠠᠨ ᠭᠡᠷ ᠤᠨ ᠬᠠᠷᠢᠭᠤᠴᠠᠯᠭᠠᠳᠠᠨ ᠠᠴᠠ ᠪᠥᠭᠦ ᠬᠤᠰᠢᠭᠤᠨ ᠤ ᠰᠥᠯᠵᠢᠶᠠᠨ ᠤ ᠥᠵᠠᠯ ᠤᠬᠠᠮᠰᠠᠷ ᠤᠨ ᠭᠡᠯᠪᠠᠷᠢ ᠶᠢᠨ ᠭᠡᠪᠴᠢᠶᠠᠨ ᠤ ᠠᠵᠢᠯ ᠤᠨ ᠪᠠᠶᠢᠳᠠᠯ ᠢ ᠨᠠᠶᠢᠳᠠᠯᠠᠪᠠ᠃ ᠬᠤᠰᠢᠭᠤ ᠲᠤᠳᠤᠭᠠᠳᠤ ᠶᠢ ᠬᠠᠮᠡᠭᠠᠯᠠᠬᠤ ᠲᠤᠪᠴᠢᠶ᠎ᠠ᠂ ᠠᠵᠤ ᠠᠬᠤᠢ ᠬᠤᠳᠠᠯᠳᠤᠭᠠᠨ ᠤ ᠶᠠᠪᠤᠳᠠᠯ ᠪᠤᠯᠤᠨ ᠴᠢᠮᠡᠭᠡ ᠵᠠᠩᠭᠢᠴᠢᠯᠠᠯᠳᠠ ᠶᠢᠨ ᠲᠤᠪᠴᠢᠶ᠎ᠠ᠂ ᠥᠨᠳᠤᠰᠤᠳᠠᠨ ᠱᠠᠰᠢᠨ ᠰᠤᠷᠳᠠᠬᠤᠨ  ᠤ ᠭᠡᠷᠡᠭ ᠡᠷᠭᠢᠯᠠᠭᠦ ᠲᠤᠪᠴᠢᠶ᠎ᠠ ᠶᠢᠨ ᠬᠠᠷᠢᠭᠤᠴᠠᠯᠭᠠᠳᠠᠨ ᠠᠴᠠ ᠲᠤᠰ ᠲᠤᠰ ᠰᠥᠯᠵᠢᠶᠠᠨ ᠤ ᠠᠮᠤᠷ ᠲᠥᠪᠰᠢᠨ ᠤ ᠠᠵᠢᠯ᠂ ᠮᠡᠳᠡᠭᠡ ᠵᠠᠩᠭᠢᠴᠢᠯᠠᠯᠳᠠ ᠶᠢᠨ ᠠᠵᠢᠯ ᠪᠤᠯᠤᠨ ᠥᠨᠳᠤᠰᠤᠳᠠᠨ ᠱᠠᠰᠢᠨ ᠰᠤᠷᠳᠠᠬᠤᠨ ᠤ ᠴᠠᠷᠠᠭᠠᠨ ᠤ ᠰᠥᠯᠵᠢᠶᠠᠨ ᠤ ᠥᠵᠠᠯ ᠤᠬᠠᠮᠰᠠᠷ ᠤᠨ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠪᠠ
     ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠰᠢ ᠶᠢᠨ ᠫᠢᠩ ᠤᠨ ᠲᠤᠤᠷ ᠰᠥᠯᠵᠢᠶ᠎ᠠ ᠪᠠᠷ ᠤᠯᠤᠰ ᠢᠶᠠᠨ ᠭᠥᠴᠥᠷᠭᠡᠭᠵᠢᠭᠦᠯᠭᠦ ᠪᠠᠶᠢᠯᠳᠤᠬᠤ ᠪᠤᠳᠤᠯᠭ᠎ᠠ ᠶᠢᠨ ᠥᠵᠠᠯ ᠰᠠᠨᠠᠭ᠎ᠠ ᠪᠤᠯ ᠰᠢᠨ᠎ᠠ ᠴᠠᠭ ᠥᠶ᠎ᠠ ᠶᠢᠨ ᠰᠥᠯᠵᠢᠶᠠᠨ ᠤ ᠠᠮᠤᠷ ᠲᠥᠪᠰᠢᠨ ᠪᠤᠯᠤᠨ ᠮᠡᠳᠡᠭᠡ ᠵᠠᠩᠭᠢᠴᠢᠯᠠᠯᠳᠠ ᠶᠢᠨ ᠭᠥᠭᠵᠢᠯᠳᠠ ᠶᠢ ᠵᠢᠯᠤᠭᠤᠳᠬᠤ ᠥᠨᠳᠤᠰᠤᠨ ᠵᠢᠷᠤᠮᠯᠠᠯ ᠪᠤᠯᠤᠨ᠎ᠠ᠂ ᠪᠥᠭᠦ ᠬᠤᠰᠢᠭᠤᠨ ᠤ ᠰᠥᠯᠵᠢᠶᠠᠨ ᠤ ᠠᠮᠤᠷ ᠲᠥᠪᠰᠢᠨ ᠪᠤᠯᠤᠨ ᠮᠡᠳᠡᠭᠡ ᠵᠠᠩᠭᠢᠴᠢᠯᠠᠯᠳᠠ ᠶᠢᠨ ᠠᠵᠢᠯ ᠢ ᠰᠠᠶᠢᠨ ᠭᠢᠭᠦ ᠳᠤ ᠵᠠᠪᠠᠯ ᠰᠢ ᠶᠢᠨ ᠫᠢᠩ ᠤᠨ ᠲᠤᠤᠷ ᠰᠥᠯᠵᠢᠶ᠎ᠠ ᠪᠠᠷ ᠤᠯᠤᠰ ᠢᠶᠠᠨ ᠭᠥᠴᠥᠷᠭᠡᠭᠵᠢᠭᠦᠯᠭᠦ ᠥᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠤᠯᠤᠰ ᠲᠥᠷᠥ ᠶᠢᠨ ᠵᠤᠭᠰᠤᠴᠠ ᠪᠠᠨ ᠲᠡᠭᠡᠰᠢᠯᠠᠭᠦᠯᠤᠨ᠂ ᠥᠵᠠᠯ ᠰᠠᠨᠠᠭᠠᠨ ᠤ ᠲᠠᠨᠢᠯᠳᠠ ᠪᠠᠨ ᠴᠢᠩᠭᠠᠳᠬᠠᠵᠤ᠂ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠤᠨ ᠬᠠᠷᠢᠭᠤᠴᠠᠯᠭᠠᠳᠤ ᠰᠡᠳᠭᠢᠯᠭᠡ ᠪᠤᠯᠤᠨ ᠡᠭᠦᠷᠭᠡ ᠲᠤᠰᠢᠶᠠᠯᠳᠤ ᠰᠠᠳᠭᠢᠯᠭᠡ ᠪᠠᠨ ᠪᠥᠭᠦ ᠲᠠᠯ᠎ᠠ ᠪᠠᠷ ᠲᠡᠭᠡᠭᠰᠢᠯᠡᠭᠦᠯᠭᠦ ᠭᠡᠷᠭᠳᠠᠢ᠃ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠳᠬᠤᠨ᠂ ᠳᠤᠲᠠᠭᠤᠳᠠᠯ ᠢᠶᠠᠨ ᠨᠥᠭᠦᠪᠤᠷᠢᠯᠠᠨ᠂ ᠲᠤᠤᠷ ᠰᠥᠯᠵᠢᠶᠠᠨ ᠤ ᠶᠠᠷᠤᠩᠭᠡᠶᠢᠯᠠᠨ ᠵᠠᠰᠠᠯᠳᠠ ᠶᠢ ᠴᠢᠩᠭᠠᠳᠬᠠᠨ᠂ ᠰᠥᠯᠵᠢᠶ᠎ᠠ ᠶᠢ ᠬᠠᠤᠯᠢ ᠪᠠᠷ ᠬᠠᠮᠢᠶᠠᠷᠬᠤ ᠶᠢ ᠠᠭᠢᠭᠤᠯᠬᠤ ᠭᠡᠷᠡᠭᠳᠠᠢ᠃ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠭᠡᠷᠡᠭᠯᠡᠯᠳᠠ ᠶᠢᠨ ᠭᠢᠷᠢ ᠲᠥᠪᠰᠢᠨ ᠢ ᠪᠥᠭᠦ ᠲᠠᠯ᠎ᠠ ᠪᠠᠷ ᠲᠡᠭᠡᠭᠰᠢᠯᠠᠭᠦᠯᠵᠤ᠂ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠢ ᠰᠢᠨ᠎ᠠ ᠲᠡᠭᠳᠡᠷ ᠲᠤ ᠭᠠᠷᠭᠠᠬᠤ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠠᠮ ᠠᠴᠠ ᠢᠨᠲ᠋ᠧᠷᠨᠧᠲ ᠰᠥᠯᠵᠢᠶ᠎ᠠ ᠶᠢ ᠬᠠᠮᠢᠶᠠᠷᠬᠤ ᠶᠢ ᠪᠠᠷᠢᠮᠳᠠᠯᠠᠬᠤ ᠪᠤᠯ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠤᠨ ᠡᠷᠡᠭᠦᠯ ᠡᠮᠭᠢ ᠴᠡᠭᠴᠠ ᠲᠠᠢ ᠭᠥᠭᠵᠢᠯᠳᠠ ᠶᠢᠨ ᠥᠨᠳᠤᠰᠤᠨ ᠪᠠᠳᠤᠯᠠᠭ᠎ᠠ ᠪᠤᠯᠤᠨ᠎ᠠ᠃ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠢ ᠰᠠᠶᠢᠨ ᠭᠢᠭᠦ ᠳᠤ ᠵᠠᠪᠠᠯ ᠨᠠᠮ ᠤᠨ ᠪᠥᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠂ ᠲᠥᠪ ᠬᠤᠷᠢᠶ᠎ᠠ᠂ ᠤᠷᠤᠨ᠂ ᠬᠤᠳᠠ ᠶᠢᠨ ᠨᠠᠮ ᠤᠨ ᠬᠤᠷᠢᠶᠠᠨ ᠤ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠤᠨ ᠲᠤᠬᠠᠢ ᠡᠯ᠎ᠠ ᠲᠥᠷᠥᠯ ᠤᠨ ᠰᠠᠶᠢᠳᠪᠤᠷᠢᠳᠤ ᠪᠠᠶᠢᠷᠢᠯᠠᠭᠤᠯᠤᠯᠳᠠ ᠶᠢ ᠪᠥᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠤᠨ᠂ ᠤᠳᠤᠷᠢᠳᠤᠯᠭ᠎ᠠ ᠪᠠᠨ ᠨᠢᠭᠡᠳᠭᠡᠨ ᠲᠥᠷᠥ ᠶᠢᠨ ᠪᠤᠳᠤᠯᠭ᠎ᠠ ᠶᠢᠨ ᠰᠤᠳᠤᠯᠤᠯᠳᠠ  ᠶᠢ ᠴᠢᠩᠭᠠᠳᠬᠠᠨ᠂ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠴᠠᠭ ᠲᠠᠷᠤᠢ ᠳᠤ ᠨᠢ ᠰᠢᠢᠳᠪᠤᠷᠢᠯᠡᠬᠦ ᠭᠡᠷᠡᠭᠳᠠᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠰᠥᠯᠵᠢᠶ᠎ᠠ ᠠᠴᠠ ᠰᠤᠷᠤᠯᠴᠠᠨ ᠰᠥᠯᠵᠢᠶ᠎ᠠ ᠶᠢ ᠤᠶᠢᠯᠠᠭᠠᠨ᠂ ᠰᠥᠯᠵᠢᠶ᠎ᠠ ᠶᠢ ᠭᠡᠷᠡᠭᠯᠠᠵᠤ᠂ ᠢᠨᠲ᠋ᠧᠷᠨᠧᠲ ᠰᠥᠯᠵᠢᠶ᠎ᠠ ᠶᠢᠨ ᠲᠥᠷᠢᠮ ᠲᠤᠭᠳᠠᠭᠠᠯ ᠤᠨ ᠲᠤᠬᠠᠢ ᠡᠵᠡᠮᠳᠠᠭᠦ ᠴᠢᠳᠠᠪᠤᠷᠢ᠂ ᠰᠥᠯᠵᠢᠶᠠᠨ  ᠤ ᠶᠠᠷᠢᠶ᠎ᠠ ᠭᠡᠯᠡᠯᠴᠡᠭᠡᠨ ᠤ ᠤᠳᠤᠷᠢᠳᠤᠮᠵᠢ ᠶᠢᠨ ᠴᠢᠳᠠᠪᠤᠷᠢ᠂ ᠮᠡᠳᠡᠭᠡ ᠵᠠᠩᠭᠢᠴᠢᠯᠠᠯᠳᠠ ᠶᠢᠨ ᠭᠥᠭᠵᠢᠯᠳᠠ ᠶᠢᠨ ᠲᠤᠬᠠᠢ ᠡᠵᠡᠮᠳᠠᠭᠦ ᠴᠢᠳᠠᠪᠤᠷᠢ᠂ ᠰᠥᠯᠵᠢᠶᠠᠨ ᠤ ᠠᠮᠤᠷ ᠲᠥᠪᠰᠢᠨ ᠤ ᠪᠠᠳᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠥᠭᠡᠢ ᠲᠡᠭᠡᠭᠰᠢᠯᠠᠭᠦᠯᠭᠦ ᠭᠡᠷᠡᠭᠳᠠᠢ᠃ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠪᠠ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠪᠥᠭᠦ ᠬᠤᠰᠢᠭᠤᠨ ᠤ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠢ ᠲᠠᠰᠤᠷᠤᠯᠳᠠ ᠥᠭᠡᠢ ᠥᠷ᠎ᠠ ᠪᠥᠳᠥᠮᠵᠢ ᠭᠠᠷᠭᠠᠵᠤ᠂ ᠮᠠᠨ ᠤ ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠳᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠳᠤ ᠨᠡᠩ ᠶᠡᠭᠡ ᠬᠤᠪᠢ ᠨᠠᠮᠠᠷᠢ ᠪᠠᠨ ᠡᠷᠭᠦᠭᠦ ᠭᠡᠷᠡᠭᠳᠠᠢ ᠭᠡᠵᠡᠢ᠃      ᠹᠧᠩ ᡁᠢ ᠮᠢᠩ ᠬᠠᠮᠤᠭ ᠰᠠᠭᠦᠯ ᠳᠤ ᠵᠢᠭᠠᠵᠤ ᠭᠠᠷᠭᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠲᠤᠰ ᠤᠳᠠᠭᠠᠨ ᠤ ᠬᠤᠷᠠᠯ ᠤᠨ ᠵᠤᠷᠢᠭ ᠰᠠᠨᠠᠭᠠᠨ ᠤ ᠮᠥᠨ ᠴᠢᠨᠠᠷ ᠢ ᠤᠨᠤᠪᠴᠢᠳᠠᠢ ᠡᠵᠡᠮᠳᠠᠨ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠪᠠᠶᠢᠳᠠᠯ ᠳᠤ ᠥᠢᠯᠠᠴᠢᠯᠠᠨ᠂ ᠲᠤᠤᠷ ᠰᠥᠯᠵᠢᠶ᠎ᠠ ᠮᠡᠳᠡᠭᠡ ᠵᠠᠩᠭᠢᠴᠢᠯᠠᠯᠳᠠ ᠶᠢᠨ ᠠᠵᠢᠯ ᠤᠨ ᠰᠢᠨ᠎ᠠ ᠥᠷ᠎ᠠ ᠪᠥᠳᠥᠮᠵᠢ  ᠪᠠᠷ ᠪᠥᠭᠦ ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号