12 ᠰᠠᠷ᠎ᠠ ᠶᠢᠨ 27 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ | ᠳᠠᠷᠤᠭ᠎ᠠ ᠵᠤᠤ ᠹᠸᠢ ᠯᠤ᠋ ᠭᠠᠯᠠᠭᠤᠲᠦ ᠪᠠᠯᠭᠠᠰᠤᠨ ᠳᠤ ᠬᠦᠷᠴᠤ ᠹᠦ᠋ ᠷᠦᠢ ᠳ᠋ᠠ ᠮᠢᠬᠠᠨ ᠤ ᠲᠦᠷᠦᠯ ᠢ ᠨᠠᠷᠢᠯᠢᠭ | ᠪᠤᠯᠪᠠᠰᠤᠷᠠᠭᠤᠯᠬᠤ ᠲᠦᠷᠦᠯ ᠵᠦᠢᠯ ᠤᠨ ᠪᠠᠶᠢᠭᠤᠯᠤᠯᠲᠠ ᠪᠤᠯᠤᠨ ᠡᠦ ᠶᠤᠸᠠᠨ ᠮᠢᠬᠠᠨ ᠢᠲᠡᠭᠡᠨ ᠤ ᠬᠢᠵᠠᠭᠠᠷᠲᠦ | ᠺᠤᠮᠫᠠᠨᠢ ᠶᠢᠨ ᠡᠷᠬᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠵᠠᠰᠠᠭ ᠤᠨ ᠤᠷᠳᠤᠨ᠂ | ᠮᠠᠯ ᠲᠠᠷᠢᠶᠠᠯᠠᠩ ᠤᠨ ᠲᠤᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ | ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠬᠤᠶᠠᠷ ᠠᠵᠤ ᠠᠬᠤᠶᠢᠯᠠᠯ ᠳᠤ ᠵᠤᠤ ᠹᠸᠢ ᠯᠤ᠋ ᠨᠠᠷ ᠠᠵᠤ ᠠᠬᠤᠶᠢᠯᠠᠯ ᠤᠨ ᠨᠢᠲᠤᠯᠭᠠ ᠶᠢᠨ ᠲᠠᠰᠤᠭ᠂ ᠰᠢᠨ᠎ᠡ | ᠮᠢᠬ᠎ᠠ ᠶᠢ ᠲᠤᠬᠢᠷᠠᠭᠤᠯᠤᠨ ᠬᠦᠷᠭᠡᠬᠦ ᠲᠠᠰᠤᠭ ᠪᠤᠯᠤᠨ ᠪᠤᠵᠠᠷ ᠤᠰᠤ ᠶᠢ ᠰᠢᠢᠳᠪᠤᠷᠢᠯᠡᠬᠦ ᠰᠢᠰᠲ᠋ᠧᠮ ᠤᠨ | ᠪᠠᠶᠢᠭᠤᠯᠤᠯᠲᠠ ᠵᠢᠴᠢ ᠡᠷᠬᠢᠯᠲᠡ ᠶᠢᠨ ᠪᠠᠶᠢᠳᠠᠯ ᠢ ᠪᠠᠶᠢᠴᠠᠭᠠᠨ ᠦᠵᠡᠭᠰᠡᠨ ᠤ ᠬᠠᠮᠲᠦ ᠠᠵᠤ ᠠᠬᠤᠶᠢᠯᠠᠯ ᠤᠨ ᠬᠠᠮᠢᠶ᠎ᠠ | ᠪᠦᠬᠦᠢ ᠭᠠᠷ ᠬᠦᠢᠴᠡᠳᠬᠡᠯ ᠢ ᠲᠦᠭᠦᠷᠵᠢᠭᠦᠯᠦᠭᠰᠡᠨ ᠪᠠᠶᠢᠳᠠᠯ᠂ ᠮᠠᠯ ᠬᠤᠳᠠᠯᠲᠤᠨ ᠠᠪᠬᠤ᠂ ᠦᠢᠯᠡᠳᠪᠦᠷᠢ ᠳᠤ | ᠤᠷᠤᠵᠤ ᠭᠠᠷᠬᠤ ᠦᠶ᠎ᠡ ᠶᠢᠨ ᠬᠢᠵᠢᠭ ᠢ ᠪᠠᠶᠢᠴᠠᠭᠠᠬᠤ ᠪᠤᠯᠤᠨ ᠤᠷᠤᠰᠢᠵᠤ ᠪᠠᠶᠢᠭ᠎ᠠ ᠬᠦᠴᠢᠷᠳᠡᠯ ᠤᠨ ᠲᠤᠬᠠᠢ | ᠮᠡᠳᠡᠭᠦᠯᠦᠯᠲᠡ ᠶᠢ ᠰᠤᠨᠤᠰᠪᠠ᠃ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠵᠤᠤ ᠹᠸᠢ ᠯᠤ᠋ ᠵᠢᠭᠠᠬᠤ ᠳᠤ ᠪᠠᠨ᠂ | ᠨᠢᠲᠤᠯᠭᠠ ᠶᠢᠨ ᠭᠠᠵᠠᠷ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠦᠷᠬᠡᠳᠬᠡᠨ ᠠᠬᠢᠭᠤᠯᠵᠤ᠂ ᠪᠠᠷᠢᠮᠵᠢᠶᠠᠵᠢᠭᠰᠠᠨ | ᠬᠠᠮᠢᠶᠠᠷᠤᠯᠲᠠ ᠶᠢ ᠬᠡᠷᠡᠭᠵᠢᠭᠦᠯᠵᠤ ᠴᠢᠨᠠᠷ ᠴᠢᠨᠰᠠᠭ᠎ᠠ ᠪᠠᠷ ᠮᠠᠯ ᠲᠠᠷᠢᠶᠠᠯᠠᠩ ᠢ ᠬᠦᠭᠵᠢᠬᠦᠯᠬᠦ᠂ ᠨᠠᠷᠡᠲᠦ ᠲᠡᠮᠲᠡᠭ ᠢᠶᠠᠷ | ᠮᠠᠯ ᠲᠠᠷᠢᠶᠠᠯᠠᠩ ᠢ ᠬᠦᠴᠦᠷᠭᠡᠭᠵᠢᠬᠦᠯᠬᠦ ᠶᠢ ᠭᠤᠤᠯᠳᠠᠯᠭ᠎ᠠ ᠪᠤᠯᠭᠠᠨ ᠠᠳᠬᠤᠵᠤ᠂ ᠦᠪᠡᠷᠲᠡᠭᠡᠨ ᠵᠠᠰᠠᠬᠤ ᠤᠷᠤᠨ ᠤ | ᠮᠠᠯ ᠲᠠᠷᠢᠶᠠᠯᠠᠩ ᠤᠨ ᠪᠦᠲᠦᠭᠡᠭᠲᠡᠭᠦᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠲᠠᠭᠤᠷᠢᠶᠠᠯ ᠦᠵᠡᠬᠦᠯᠬᠦ | ᠬᠤᠰᠢᠭᠤᠨ ᠤ ᠪᠠᠶᠢᠭᠤᠯᠤᠯᠲᠠ ᠶᠢ ᠲᠦᠷᠬᠡᠳᠬᠡᠨ᠂ ᠮᠠᠯ ᠲᠠᠷᠢᠶᠠᠯᠠᠩ ᠤᠨ ᠦᠢᠯᠡᠰ ᠤᠨ ᠡᠷᠡᠭᠦᠯ ᠬᠦᠭᠵᠢᠯᠲᠡ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ ᠭᠡᠪᠡ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠠᠵᠤ | ᠠᠬᠤᠶᠢᠯᠠᠯ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠠᠷᠠᠳ | ᠲᠦᠮᠡᠨ ᠳᠤ ᠠᠮᠤᠷ ᠳᠦᠪᠰᠢᠨ ᠮᠢᠬ᠎ᠠ ᠶᠢ ᠢᠳᠡᠬᠦᠯᠬᠦ ᠶᠢ ᠨᠢᠭᠡᠨ ᠬᠠᠮᠤᠭ ᠠᠴᠠ ᠴᠢᠬᠤᠯᠠ ᠠᠷᠠᠳ ᠤᠨ ᠠᠮᠢᠳᠤᠷᠠᠯ | ᠤᠨ ᠠᠵᠢᠯ ᠪᠤᠯᠭᠠᠨ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠨᠢᠭᠡᠳᠦᠭᠡᠷ ᠬᠠᠷᠢᠭᠤᠴᠠᠯᠭ᠎ᠠ ᠶᠢᠨ ᠬᠦᠮᠦᠨ ᠤ | ᠳᠦᠷᠢᠮ ᠢ ᠴᠢᠩᠭ᠎ᠠ ᠪᠠᠷ ᠲᠤᠭᠤᠰᠢᠯᠠᠭᠤᠯᠵᠤ᠂ ᠲᠤᠭᠲᠠᠭᠰᠠᠨ ᠭᠠᠵᠠᠷ ᠲᠠᠬᠢ ᠨᠢᠲᠤᠯᠭᠠ ᠶᠢᠨ ᠭᠠᠵᠠᠷ ᠤᠨ | ᠦᠢᠯᠡᠳᠪᠦᠷᠢᠯᠡᠯ ᠤᠨ ᠶᠠᠪᠤᠴᠠ ᠶᠢ ᠲᠦᠷᠢᠮᠵᠢᠭᠦᠯᠵᠤ᠂ ᠮᠠᠯ ᠤᠨ ᠬᠢᠵᠢᠭ ᠢ ᠪᠠᠶᠢᠴᠠᠭᠠᠨ ᠰᠡᠷᠭᠡᠶᠢᠯᠡᠬᠦ ᠪᠤᠭᠤᠮᠲᠠ | ᠪᠤᠯᠤᠨ ᠵᠠᠬ᠎ᠠ ᠲᠡᠯᠭᠡᠭᠦᠷ ᠲᠤ ᠤᠷᠤᠭᠤᠯᠬᠤ ᠪᠤᠭᠤᠮᠲᠠ ᠶᠢ ᠰᠠᠶᠢᠲᠤᠷ ᠠᠳᠬᠤᠨ᠂ ᠡᠳᠦᠷ ᠲᠤᠲᠤᠮ ᠤᠨ ᠪᠦᠬᠦᠶᠢᠯᠡ | ᠠᠵᠢᠯ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠢᠬᠠᠨ ᠢᠳᠡᠭᠡᠨ ᠤ ᠴᠢᠨᠠᠷ ᠴᠢᠨᠰᠠᠭ᠎ᠠ ᠪᠤᠯᠤᠨ ᠠᠮᠤᠷ | ᠳᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | |