ᠡᠷᠳᠡᠨᠢᠪᠢᠯᠢᠭ ᠰᠢᠨ᠎ᠡ ᠵᠢᠯ ᠠᠴᠠ ᠡᠮᠤᠨ᠎ᠠ ᠨᠢᠭᠡᠲᠦᠭᠡᠷ ᠹᠠᠷᠤᠨᠲ ᠲᠤ ᠠᠵᠢᠯᠯᠠᠵᠦ ᠪᠠᠶᠢᠭ᠎ᠠ ᠺᠠᠳ᠋ᠷ ᠠᠵᠢᠯᠲᠠᠨ ᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2019-01-03
     12 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠲᠡᠳ᠋ ᠲᠠᠷᠤᠭ᠎ᠠ ᠡᠳ᠋ ᠤᠨ ᠵᠠᠰᠠᠭ ᠤᠨ ᠲᠤᠪᠴᠢᠶᠠᠨ ᠲᠠᠷᠤᠭ᠎ᠠ ᠪᠠᠶᠠᠨᠴᠡᠩᠭᠡᠯ ᠵᠢᠴᠢ ᠵᠠᠰᠠᠭ ᠤᠨ ᠤᠷᠲᠤᠨ ᠤ ᠠᠯᠪᠠᠨ ᠭᠡᠷ᠂ ᠤᠷᠤᠨ ᠰᠠᠭᠤᠴᠠ ᠬᠤᠲᠠ ᠬᠦᠲᠡᠭᠡ ᠶᠢᠨ ᠲᠦᠯᠦᠪᠵᠢᠭᠦᠯᠬᠡ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠵᠡᠷᠭᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠢ ᠲᠠᠭᠠᠭᠤᠯᠤᠨ ᠨᠢᠭᠡᠲᠦᠭᠡᠷ ᠹᠠᠷᠤᠨᠲ ᠲᠤ ᠠᠵᠢᠯᠯᠠᠵᠦ ᠠᠵᠢᠯ ᠤᠨ ᠪᠠᠶᠢᠷᠢ ᠪᠠᠨ ᠪᠠᠲᠤ ᠰᠠᠬᠢᠵᠦ ᠪᠠᠶᠢᠭ᠎ᠠ ᠺᠠᠳ᠋ᠷ ᠠᠵᠢᠯᠲᠠᠳ ᠢ ᠪᠤᠯᠭᠤᠭᠠᠨ ᠲᠤᠬᠤᠨᠢᠭᠤᠯᠵᠦ ᠪᠠᠶᠠᠷ ᠤᠨ ᠡᠳᠦᠷ ᠤᠨ ᠮᠠᠨᠲᠦᠴᠢᠯᠠᠯ ᠬᠦᠷᠭᠡᠪᠡ᠃
     ᠡᠷᠳᠡᠨᠢᠪᠢᠯᠢᠭ ᠤᠷᠢᠳ ᠬᠤᠵᠢᠳ ᠬᠤᠰᠢᠭᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠲᠦᠭᠡᠭᠡᠯ ᠤᠰᠤᠨ ᠤ ᠺᠤᠮᠫᠠᠨᠢ᠂ ᠶᠦᠩ ᠲᠠᠢ ᠢᠯᠴᠢ ᠬᠠᠩᠭᠠᠬᠤ ᠺᠤᠮᠫᠠᠨᠢ᠂ ᠴᠠᠬᠢᠯᠭᠠᠨ ᠬᠠᠩᠭᠠᠬᠤ ᠲᠤᠪᠴᠢᠶ᠎ᠠ ᠪᠠᠷ ᠬᠦᠷᠴᠦ ᠪᠤᠯᠭᠤᠨ ᠲᠤᠬᠤᠨᠢᠭᠤᠯᠪᠠ᠃  ᠤᠴᠢᠭᠰᠠᠨ ᠭᠠᠵᠠᠷ ᠪᠤᠯᠭᠠᠨ ᠳᠤ ᠡᠷᠳᠡᠨᠢᠪᠢᠯᠢᠭ ᠺᠠᠳ᠋ᠷ ᠠᠵᠢᠯᠴᠢᠨ ᠲᠠᠢ ᠭᠠᠷ ᠠᠳᠬᠤᠨ ᠪᠠᠶᠠᠷ ᠤᠨ ᠡᠲᠦᠷ ᠤᠨ ᠮᠡᠨᠲᠤ ᠲᠡᠪᠰᠢᠭᠦᠯᠬᠦ ᠶᠢᠨ ᠬᠠᠮᠲᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠢ ᠲᠦᠯᠦᠭᠡᠯᠡᠨ ᠨᠢᠭᠡ ᠵᠢᠯ ᠤᠨ ᠲᠤᠷᠰᠢ ᠤᠯᠠᠨ ᠲᠦᠮᠡᠨ ᠤ ᠠᠮᠤᠷ ᠲᠤᠭᠲᠠᠭᠤᠨ ᠤᠷᠤᠰᠢᠨ ᠠᠮᠢᠲᠤᠷᠠᠵᠦ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠲᠡ ᠳᠤ ᠬᠤᠪᠢ ᠨᠡᠮᠡᠷᠢ ᠪᠠᠨ ᠦᠵᠡᠬᠦᠯᠦᠭᠰᠡᠨ ᠳᠤ ᠪᠠᠶᠠᠷ ᠲᠠᠯᠠᠷᠬᠠᠯ ᠢᠶᠠᠨ ᠲᠡᠪᠰᠢᠭᠦᠯᠵᠦ ᠭᠡᠷ ᠪᠦᠯᠢ ᠬᠢᠨ ᠤ ᠠᠵᠠ ᠵᠢᠷᠭᠠᠯ ᠰᠠᠶᠢᠨ ᠰᠠᠶᠢᠬᠠᠨ ᠢ ᠬᠦᠰᠡᠨ ᠵᠦᠩᠨᠠᠪᠠ᠃
     ᠡᠷᠳᠡᠨᠢᠪᠢᠯᠢᠭ ᠢᠯᠡᠷᠬᠡᠶᠢᠯᠡᠬᠦ ᠳᠡᠭᠡᠨ 2018 ᠤᠨ ᠪᠤᠯ ᠮᠠᠨ ᠤ ᠬᠤᠰᠢᠭᠤᠨ ᠤ ᠲᠡᠤᠬᠡᠨ ᠬᠦᠭᠵᠢᠯᠲᠡ ᠶᠢᠨ ᠶᠠᠪᠤᠴᠠ ᠲᠤᠮᠲᠠᠬᠢ ᠶᠡᠷᠦ ᠪᠤᠰᠤ ᠶᠢᠨ ᠨᠢᠭᠡ ᠵᠢᠯ ᠪᠤᠯᠤᠨ᠎ᠠ᠂ ᠨᠢᠭᠡ ᠵᠢᠯ ᠤᠨ ᠲᠤᠷᠰᠢ ᠪᠦᠬᠦ ᠬᠤᠰᠢᠭᠤ ᠪᠠᠷ ᠢᠶᠠᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠠᠨ ᠪᠤᠯᠭᠠᠵᠦ ᠪᠦᠬᠦ ᠲᠠᠯ᠎ᠠ ᠪᠠᠷ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠵᠢᠴᠢ ᠰᠢ ᠶᠢᠨ ᠫᠩ ᠶᠠᠷᠤᠩᠭᠡᠢ ᠱᠥᠵᠢ ᠶᠢᠨ ᠪᠥᠭᠦ ᠤᠯᠤᠰ ᠤᠨ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠥᠪᠤᠷ ᠮᠤᠩᠭᠤᠯ  ᠤᠨ ᠲᠥᠯᠥᠭᠡᠯᠡᠭᠴᠢᠳ ᠤᠨ ᠪᠥᠯᠭᠦᠮ ᠤᠨ ᠭᠢᠨᠠᠨ ᠵᠥᠪᠯᠠᠭᠦ ᠳᠤ ᠤᠷᠤᠯᠴᠠᠬᠤ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠡᠯ᠎ᠡ ᠦᠨᠲᠦᠰᠦᠲᠠᠨ ᠤ ᠺᠠᠳ᠋ᠷ ᠤᠯᠠᠨ ᠲᠦᠮᠡᠨ ᠢ ᠪᠦᠯᠬᠦᠮᠲᠠᠨ ᠨᠢᠭᠲᠠᠷᠠᠵᠤ ᠲᠠᠰᠤᠷᠠᠯᠲᠠ ᠦᠭᠡᠢ ᠴᠢᠷᠮᠡᠶᠢᠨ ᠤᠷᠤᠭᠰᠢᠯᠠᠨ ᠬᠠᠮᠲᠤᠪᠠᠷ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ ᠦᠤᠰᠢᠨ ᠤ ᠨᠤᠮᠢᠨ ᠲᠠᠩᠰᠤᠭ ᠬᠦᠭᠵᠢᠨ ᠮᠠᠨᠳᠤᠯᠲᠠ  ᠶᠢ ᠪᠠᠶᠠᠯᠠᠭᠦᠯᠭᠦ ᠢᠷᠠᠭᠤ ᠭᠠᠶᠢᠬᠠᠮᠰᠢᠭᠳᠤ ᠬᠠᠭᠤᠳᠠᠰᠤ ᠶᠢ ᠬᠠᠮᠳᠤ ᠪᠠᠷ ᠪᠢᠴᠢᠭᠯᠡᠭᠰᠠᠨ ᠪᠠᠶᠢᠨ᠎ᠠ᠃ ᠨᠢᠭᠡ ᠵᠢᠯ ᠤᠨ ᠲᠤᠷᠰᠢ ᠦᠷᠭᠡᠨ ᠤᠯᠠᠨ ᠺᠠᠳ᠋ᠷ ᠠᠵᠢᠯᠲᠠᠨ ᠦᠪᠡᠷ ᠦᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠨ ᠠᠯᠢᠪᠠ ᠠᠵᠢᠯ ᠦᠢᠯᠡᠰ ᠤᠨ ᠬᠦᠭᠵᠢᠯᠲᠡ᠂ ᠭᠡᠷ ᠪᠦᠯᠢ ᠶᠢᠨ ᠠᠵᠠ ᠵᠢᠷᠭᠠᠯ ᠤᠨ ᠲᠦᠯᠦᠭᠡ ᠤᠶᠤᠨ ᠴᠢᠲᠠᠯ᠂ ᠬᠦᠴᠦ ᠬᠦᠲᠡᠯᠮᠦᠷᠢ ᠪᠠᠨ ᠬᠠᠷᠠᠮ ᠦᠭᠡᠢ ᠵᠤᠷᠢᠭᠤᠯᠤᠨ ᠰᠢᠨ᠎ᠠ ᠴᠠᠭ ᠥᠶ᠎ᠠ ᠳᠤ ᠰᠢᠨ᠎ᠠ ᠡᠭᠦᠷᠭᠡᠯᠡᠯ ᠰᠢᠨ᠎ᠠ ᠴᠢᠷᠮᠠᠶᠢᠯᠭ᠎ᠠ ᠭᠠᠷᠭᠠᠭᠰᠠᠨ ᠪᠠᠶᠢᠨ᠎ᠠ ᠬᠡᠪᠡ᠃
    ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ 2019 ᠤᠨ ᠪᠤᠯ ᠡᠭᠡ ᠤᠯᠤᠰ ᠤᠨ ᠮᠠᠨᠳᠤᠯᠡᠭᠰᠠᠨ ᠲᠠᠯᠠᠨ ᠵᠢᠯ ᠤᠨ ᠤᠢ᠂ ᠴᠢᠨᠠᠭᠡᠯᠢᠭ ᠨᠠᠶᠢᠭᠡᠮ ᠢ ᠪᠥᠭᠦ ᠲᠠᠯ᠎ᠠ ᠪᠠᠷ  ᠪᠡᠶᠡᠯᠡᠬᠦᠯᠬᠦ ᠰᠶᠢᠳᠪᠤᠷᠢᠳᠤ ᠢᠯᠠᠯᠳᠠ ᠶᠢ ᠤᠯᠬᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠪᠡᠶᠡᠯᠡᠬᠦᠯᠬᠦ ᠤᠷᠢᠳᠤᠭᠢ ᠶᠢ ᠤᠯᠠᠮᠵᠢᠯᠠᠨ ᠬᠤᠶᠢᠰᠢᠭᠢ  ᠶᠢ ᠵᠠᠯᠭᠠᠮᠵᠢᠯᠠᠬᠤ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠂ ᠪᠥᠭᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠥᠮᠡᠨ ᠴᠢᠷᠮᠠᠶᠢᠨ ᠵᠢᠳᠭᠦᠭᠦ ᠵᠤᠷᠢᠭ ᠰᠠᠨᠠᠭ᠎ᠠ ᠪᠠᠨ ᠥᠷᠭᠦᠯᠵᠢᠯᠠᠨ ᠪᠠᠳᠠᠷᠠᠭᠤᠯᠵᠤ ᠰᠢᠨ᠎ᠠ ᠬᠤᠪᠢ ᠨᠠᠮᠠᠷᠢ ᠭᠠᠷᠭᠠᠨ ᠰᠢᠨ᠎ᠠ ᠭᠥᠭᠵᠢᠯᠳᠠ ᠶᠢ ᠠᠭᠢᠭᠤᠯᠵᠤ ᠰᠢᠨ᠎ᠠ ᠥᠷ᠎ᠠ ᠪᠥᠳᠥᠮᠵᠢ ᠭᠠᠷᠭᠠᠨ ᠪᠥᠭᠦ ᠬᠤᠰᠢᠭᠤᠨ ᠤ ᠠᠷᠠᠳ ᠲᠥᠮᠡᠨ ᠳᠤ ᠬᠠᠨᠤᠮᠵᠢᠳᠠᠢ ᠬᠠᠷᠢᠭᠤᠯᠳᠠ ᠥᠭᠭᠦ ᠭᠡᠷᠡᠭᠳᠠᠢ ᠭᠡᠵᠡᠢ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号