ᠥᠥᠰᠢᠨ ᠬᠤᠰᠢᠭᠤᠨ ᠤ ᠡᠮᠡᠭᠳᠠᠶᠢᠴᠤᠳ ᠤᠨ ᠠᠷᠪᠠᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-03
     12 ᠰᠠᠷ᠎ᠠ ᠶᠢᠨ 28 ᠤ ᠡᠳᠦᠷ᠂ ᠥᠥᠰᠢᠨ ᠬᠤᠰᠢᠭᠤᠨ ᠤ ᠡᠮᠡᠭᠳᠠᠶᠢᠴᠤᠳ ᠤᠨ ᠠᠷᠪᠠᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ᠂ ᠬᠤᠰᠢᠭᠤ ᠤᠳᠤᠷᠢᠳᠤᠯᠭ᠎ᠠ ᠡᠾᠧ ᠤᠯᠠᠭᠠᠨ᠂ ᠪᠠᠶᠠᠠᠴᠢᠮᠡᠭ᠂ ᠯᠸᠢ ᠬᠠᠰ ᠡᠭᠢᠯᠠᠭᠦ ᠶᠤᠰᠤᠯᠠᠯ ᠳᠤ ᠤᠷᠤᠯᠴᠠᠵᠤ ᠬᠤᠳᠠ ᠶᠢᠨ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠪᠠᠶᠢᠴᠠᠭᠠᠨ ᠰᠤᠳᠤᠯᠤᠭᠴᠢ ᠵᠸᠤ ᠰᠢ ᠶᠠᠨ᠂ ᠬᠤᠳᠠ ᠶᠢᠨ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠲᠤᠰᠢᠶᠠᠯ ᠬᠠᠪᠰᠤᠷᠭᠠᠭᠰᠠᠨ ᠲᠡᠳ᠋ ᠲᠡᠷᠢᠭᠦᠯᠡᠭᠴᠢ ᠶᠢᠨ ᠢᠤᠢ ᠵᠧᠨ᠂ ᠪᠥᠭᠦ ᠬᠤᠳᠠ ᠶᠢᠨ ᠡᠯ᠎ᠠ ᠬᠤᠰᠢᠭᠤ ᠲᠤᠭᠤᠷᠢᠭ ᠤᠨ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠬᠤᠯᠪᠤᠭᠳᠠᠯ ᠪᠥᠭᠦᠢ ᠬᠠᠷᠢᠭᠤᠴᠠᠯᠭᠠᠳᠠᠨ ᠬᠤᠷᠠᠯ ᠳᠤ ᠵᠢᠭᠠᠨ ᠵᠢᠯᠤᠭᠤᠳᠤᠯᠭ᠎ᠠ ᠭᠢᠪᠠ᠃ ᠪᠥᠭᠦ ᠬᠤᠰᠢᠭᠤᠨ ᠤ ᠡᠯ᠎ᠠ ᠥᠨᠳᠤᠰᠤᠳᠡᠨ ᠡᠯ᠎ᠠ ᠡᠳᠡᠭᠡᠳ᠂ ᠡᠯ᠎ᠠ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠥᠢᠯᠡᠰ ᠤᠨ ᠪᠠᠶᠢᠭᠤᠯᠭ᠎ᠠ ᠨᠢᠭᠡᠴᠢ ᠶᠢᠨ ᠤᠨᠴᠠ ᠤᠷᠢᠭᠰᠠᠨ ᠲᠥᠯᠥᠭᠡᠯᠡᠭᠴᠢ᠂ ᠡᠮᠡᠭᠳᠠᠶᠢᠴᠤᠳ ᠤᠨ ᠲᠥᠯᠥᠭᠡᠯᠡᠭᠴᠢ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ ᠡᠭᠢᠯᠠᠯᠳᠡ  ᠶᠢᠨ ᠶᠤᠰᠤᠯᠠᠯ ᠢ ᠡᠷᠭᠢᠯᠡᠪᠠ᠃      ᠡᠭᠢᠯᠠᠯᠲᠡ ᠶᠢᠨ ᠶᠤᠰᠤᠯᠠᠯ ᠲᠡᠭᠡᠷ᠎ᠡ ᠬᠤᠰᠢᠭᠤ ᠠᠵᠢᠯᠴᠢᠨ ᠤ ᠶᠠᠷᠤᠩᠭᠡᠢ ᠡᠪᠯᠠᠯ᠂ ᠡᠵᠠᠨ ᠬᠤᠷᠤᠭ᠎ᠠ ᠬᠤᠰᠢᠭᠤᠨ ᠤ ᠡᠮᠡᠭᠳᠠᠶᠢᠴᠤᠳ ᠤᠨ ᠬᠤᠯᠪᠤᠭᠠᠲᠤ ᠬᠤᠷᠠᠯ ᠤᠨ ᠬᠤᠯᠪᠤᠭᠳᠠᠯ ᠪᠥᠭᠦᠢ ᠬᠠᠷᠢᠭᠤᠴᠠᠯᠭᠠᠳᠠᠨ ᠪᠠᠶᠠᠷ ᠤᠨ ᠥᠭᠡ ᠶᠠᠷᠢᠪᠠ᠃ ᠬᠤᠰᠢᠭᠤ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠡᠷᠭᠢᠯᠡᠭᠴᠢ ᠺᠥᠢ ᠬᠤᠸᠠ ᠥᠥᠰᠢᠨ ᠬᠤᠰᠢᠭᠤᠨ ᠤ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠠᠷᠪᠠᠨ ᠬᠤᠶᠠᠳᠤᠭᠠᠷ ᠬᠤᠭᠤᠴᠠᠭᠠᠨ ᠤ ᠭᠥᠢᠴᠡᠳᠭᠡᠭᠦ ᠵᠥᠪᠯᠠᠯ ᠢ ᠲᠥᠯᠥᠭᠡᠯᠡᠨ ︽ᠡᠮᠡᠭᠳᠠᠶᠢᠴᠤᠳ ᠤᠨ ᠭᠥᠴᠤᠨ ᠴᠢᠳᠠᠯ ᠢ ᠨᠢᠭᠳᠠᠷᠠᠭᠤᠯᠤᠨ ᠴᠠᠭ ᠥᠶ᠎ᠠ  ᠶᠢᠨ ᠰᠢᠨ᠎ᠠ ᠬᠠᠭᠤᠳᠠᠰᠤ ᠶᠢ ᠪᠢᠴᠢᠭᠯᠡᠵᠤ — ᠪᠥᠭᠦ ᠬᠤᠰᠢᠭᠤᠨ ᠤ ᠡᠮᠡᠭᠳᠠᠶᠢᠴᠤᠳ ᠢ ᠪᠥᠯᠭᠦᠮᠳᠠᠭᠦᠯᠤᠨ ᠲᠠᠶᠢᠴᠢᠯᠠᠵᠤ ᠥᠥᠰᠢᠨ ᠤ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠪᠠᠷ ᠴᠥᠭᠦᠷᠠᠰᠢ ᠥᠭᠡᠢ ᠲᠠᠮᠠᠴᠠᠵᠡᠭᠡᠶ᠎ᠠ︾ ᠭᠡᠭᠦ ᠠᠵᠢᠯ ᠤᠨ ᠮᠡᠳᠡᠭᠦᠯᠥᠯᠳᠠ ᠭᠢᠪᠠ᠃      ᠬᠤᠳᠠ ᠶᠢᠨ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠪᠠᠶᠢᠴᠠᠭᠠᠨ ᠰᠤᠳᠤᠯᠤᠭᠴᠢ ᠵᠸᠤ ᠰᠢ ᠶᠠᠨ ᠬᠤᠳᠠ ᠶᠢᠨ ᠡᠮᠡᠭᠳᠠᠶᠢᠴᠤᠳ ᠤᠨ ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠬᠤᠷᠠᠯᠳᠤᠭᠰᠠᠨ ᠳᠤ ᠪᠠᠶᠠᠷ ᠭᠥᠷᠭᠡᠪᠡ ᠃ ᠲᠠᠷᠠ᠂  ᠥᠥᠰᠢᠨ ᠬᠤᠰᠢᠭᠤᠨ ᠤ ᠡᠮᠡᠭᠳᠠᠶᠢᠴᠤᠳ ᠤᠨ ᠬᠤᠯᠪᠤᠭᠠᠲᠤ ᠬᠤᠷᠠᠯ ᠥᠷᠭᠡᠨ ᠤᠯᠠᠨ ᠡᠮᠡᠭᠳᠠᠶᠢᠴᠤᠳ ᠢ ᠪᠥᠯᠭᠦᠮᠳᠠᠭᠦᠯᠤᠨ ᠲᠠᠭᠠᠭᠤᠯᠵᠤ ᠨᠠᠮ ᠢᠶᠠᠨ ᠲᠠᠭᠠᠨ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ  ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠶᠢᠨ ᠥᠨᠠᠨᠴᠢ ᠥᠢᠯᠡᠳᠤᠯᠭᠡᠵᠢᠭᠦᠯᠥᠭᠴᠢ ᠪᠤᠯᠵᠤ ᠥᠷᠭᠡᠨ ᠤᠯᠠᠨ ᠡᠮᠡᠭᠳᠠᠶᠢᠴᠤᠳ ᠤᠨ ᠬᠠᠭᠠᠰ ᠲᠤᠯᠭᠠᠭᠤᠷᠢ ᠥᠢᠯᠡᠳᠤᠯ ᠢ ᠭᠥᠢᠴᠡᠳ ᠪᠠᠳᠠᠷᠠᠭᠤᠯᠤᠨ ᠠᠵᠤ ᠠᠬᠤᠢ ᠨᠠᠶᠢᠭᠡᠮ ᠤᠨ ᠭᠥᠭᠵᠢᠯᠳᠠ ᠶᠢᠨ ᠢᠳᠡᠪᠭᠢᠳᠠᠢ ᠬᠤᠪᠢ ᠨᠠᠮᠠᠷᠢ ᠡᠷᠭᠦᠭᠴᠢ ᠪᠤᠯᠵᠤ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠵᠤᠭᠢᠶᠠᠨ ᠪᠠᠶᠢᠭᠤᠯᠤᠯᠳᠠ ᠶᠢᠨ ᠤᠯᠤᠰ ᠲᠥᠷᠥᠴᠢ ᠴᠢᠨᠠᠷ᠂ ᠲᠠᠷᠢᠭᠦᠨ ᠤ ᠴᠢᠨᠠᠷ᠂ ᠤᠯᠠᠨ ᠲᠥᠮᠠᠠᠴᠢ ᠴᠢᠨᠠᠷ ᠢ ᠲᠡᠭᠡᠭᠰᠢᠯᠡᠭᠦᠯᠤᠨ ᠡᠮᠡᠭᠳᠠᠶᠢᠴᠤᠳ ᠤᠨ ᠬᠤᠯᠪᠤᠭᠠᠨ ᠤ ᠵᠤᠭᠢᠶᠠᠨ ᠪᠠᠶᠢᠭᠤᠯᠤᠯᠳᠠ ᠶᠢᠨ ᠥᠭᠡᠷᠡᠴᠢᠯᠠᠯᠳᠠ ᠭᠢᠵᠤ ᠰᠢᠨ᠎ᠠ ᠶᠢ ᠡᠭᠦᠳᠭᠦ ᠶᠢᠨ ᠡᠷᠡᠰ ᠠᠭᠢᠭᠤᠯᠤᠭᠴᠢ ᠪᠤᠯᠬᠤ ᠶᠢ ᠭᠥᠰᠡᠵᠤ ᠪᠠᠶᠢᠨ᠎ᠠ ᠭᠡᠵᠡᠢ᠃
     ᠡᠷᠳᠡᠨᠢᠪᠢᠯᠢᠭ ᠶᠠᠷᠢᠶ᠎ᠠ ᠲᠠᠯᠪᠢᠵᠤ ᠵᠢᠭᠠᠬᠤ ᠳᠤ ᠪᠠᠨ᠂ ᠥᠥᠰᠢᠨ ᠬᠤᠰᠢᠭᠤᠨ ᠤ ᠡᠮᠡᠭᠳᠠᠶᠢᠴᠤᠳ ᠤᠨ ᠠᠷᠪᠠᠨ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ ᠪᠥᠭᠦ ᠬᠤᠰᠢᠭᠤᠨ ᠤ ᠡᠯ᠎ᠠ ᠱᠠᠳᠤᠨ ᠤ ᠡᠮᠡᠭᠳᠠᠶᠢᠴᠤᠳ ᠤᠨ ᠵᠤᠭᠢᠶᠠᠨ ᠪᠠᠶᠢᠭᠤᠯᠤᠯᠳᠠ ᠨᠢ ᠨᠠᠮ ᠤᠨ ᠤᠳᠤᠷᠢᠳᠤᠯᠭ᠎ᠠ ᠲᠤᠤᠷ᠎ᠠ ᠭᠤᠤᠯᠳᠠᠯᠭ᠎ᠠ᠂ ᠶᠡᠭᠡ ᠲᠠᠯ᠎ᠠ  ᠶᠢᠨ ᠦᠢᠯᠡᠴᠢᠯᠡᠭᠡ ᠶᠢ ᠪᠠᠷᠢᠮᠳᠠᠯᠠᠨ ᠬᠠᠷᠢᠯᠴᠠᠬᠤ ᠪᠠ ᠥᠢᠯᠡᠴᠢᠯᠠᠭᠦ ᠢ ᠠᠵᠢᠯ ᠤᠨ ᠭᠤᠤᠯᠳᠠᠯᠭ᠎ᠠ ᠪᠠᠨ ᠪᠤᠯᠭᠠᠵᠦ ᠴᠠᠭ ᠥᠶ᠎ᠠ ᠶᠢ ᠡᠵᠡᠮᠳᠠᠨ ᠡᠮᠡᠭᠳᠠᠶᠢᠴᠤᠳ ᠤᠨ ᠪᠤᠳᠠᠳᠠᠢ ᠲᠠᠢ ᠤᠶᠢᠷᠠᠳᠤᠨ ᠲᠠᠪᠠᠭᠤᠯᠢᠭ ᠢᠶᠠᠨ ᠪᠠᠳᠠᠷᠠᠭᠤᠯᠵᠤ ᠨᠢᠭᠡ ᠪᠥᠯᠥᠭ ᠥᠷ᠎ᠠ ᠪᠥᠳᠥᠮᠵᠢᠲᠤ ᠠᠵᠢᠯᠯᠠᠭᠠᠨ ᠢ ᠥᠷᠨᠢᠭᠦᠯᠥᠭᠰᠠᠨ ᠪᠠᠶᠢᠨ᠎ᠠ᠃ ᠡᠮᠡᠭᠳᠠᠶᠢᠴᠤᠳ ᠤᠨ ᠵᠤᠭᠢᠶᠠᠨ ᠪᠠᠶᠢᠭᠤᠯᠤᠯᠳᠠ ᠨᠢ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠥᠷᠭᠡᠨ ᠤᠯᠠᠨ ᠡᠮᠡᠭᠳᠠᠶᠢᠴᠤᠳ ᠲᠠᠢ ᠬᠠᠷᠢᠯᠴᠠᠬᠤ ᠬᠤᠯᠪᠤᠭᠠᠰᠤ ᠪᠠᠶᠢᠵᠦ᠂ ᠥᠷᠭᠡᠨ ᠤᠯᠠᠨ ᠡᠮᠡᠭᠳᠠᠶᠢᠴᠤᠳ ᠠᠵᠤ ᠠᠬᠤᠢ ᠶᠢ ᠭᠥᠭᠵᠢᠭᠦᠯᠤᠨ ᠨᠡᠶᠢᠭᠡᠮ  ᠤᠨ ᠬᠦᠭᠵᠢᠯᠲᠡ ᠶᠢ ᠠᠭᠢᠭᠤᠯᠬᠤ ᠲᠥᠷᠥ ᠶᠢᠨ ᠬᠠᠭᠠᠰ ᠲᠤᠯᠠᠭᠠᠭᠤᠷᠢ ᠪᠤᠯᠤᠭᠰᠠᠨ ᠢ ᠥᠢᠯᠡᠳᠤᠯᠭᠡ ᠭᠡᠷᠡᠴᠢᠯᠡᠭᠰᠠᠨ ᠪᠠᠶᠢᠨ᠎ᠠ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠥᠭᠦ ᠬᠤᠰᠢᠭᠤᠨ ᠤ ᠡᠯ᠎ᠠ ᠱᠠᠳᠤᠨ ᠤ ᠡᠮᠡᠭᠳᠠᠶᠢᠴᠤᠳ ᠤᠨ ᠵᠤᠭᠢᠶᠠᠨ ᠪᠠᠶᠢᠭᠤᠯᠤᠯᠳᠠ ᠨᠢ ︽ᠨᠠᠮ ᠲᠠᠢ ᠪᠤᠳᠤᠯ ᠰᠠᠳᠭᠢᠯ ᠢᠶᠠᠨ ᠨᠢᠭᠡᠳᠭᠡᠨ ᠴᠠᠭ ᠥᠶ᠎ᠠ ᠲᠠᠢ ᠵᠡᠷᠭᠡ ᠪᠠᠷ ᠤᠷᠤᠭᠰᠢᠯᠠᠵᠤ ᠤᠯᠠᠨ ᠲᠥᠮᠡᠨ ᠲᠠᠢ ᠵᠢᠷᠭᠠᠯ ᠵᠤᠪᠠᠯᠠᠩ ᠢᠶᠠᠨ ᠬᠠᠮᠳᠤᠳᠬᠠᠬᠤ︾ ᠴᠠᠭ ᠥᠶ᠎ᠠ ᠶᠢᠨ ᠱᠠᠭᠠᠷᠳᠠᠯᠭ᠎ᠠ ᠶᠢ ᠤᠨᠤᠪᠴᠢᠳᠠᠢ ᠡᠵᠡᠮᠳᠠᠨ ᠰᠠᠨᠠᠭᠠᠴᠢᠯᠭ᠎ᠠ ᠠᠴᠠ ᠪᠠᠨ ᠵᠢᠳᠭᠦᠯ ᠴᠢᠷᠮᠠᠶᠢᠯᠭ᠎ᠠ ᠭᠠᠷᠭᠠᠵᠤ ᠵᠤᠷᠢᠭᠳᠠᠢ ᠡᠭᠦᠷᠭᠡᠯᠠᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠪᠤᠳᠠᠳᠠᠢ ᠦᠢᠯᠡᠳᠦᠯᠭᠡ ᠲᠤᠮᠳᠠ ᠴᠤᠭ ᠵᠢᠪᠬᠤᠭ᠎ᠠ ᠪᠠᠨ ᠪᠠᠳᠠᠷᠠᠭᠤᠯᠤᠨ ᠬᠠᠮᠳᠤ ᠶᠢᠨ ᠭᠥᠴᠤᠨ ᠢ ᠨᠢᠭᠡᠳᠤᠭᠦᠯᠵᠤ ᠰᠢᠨ᠎ᠠ ᠭᠠᠪᠢᠶ᠎ᠠ ᠪᠠᠶᠢᠭᠤᠯᠤᠨ ᠰᠢᠨ᠎ᠠ ᠴᠠᠭ ᠥᠶ᠎ᠠ ᠶᠢᠨ ᠡᠮᠡᠭᠳᠠᠶᠢᠴᠤᠳ ᠪᠤᠯᠬᠤ ᠪᠠᠷ ᠴᠢᠷᠮᠠᠶᠢᠵᠤ ᠭᠥᠭᠵᠢᠯᠳᠠ ᠶᠢᠨ ᠰᠢᠨ᠎ᠠ ᠬᠠᠭᠤᠳᠠᠰᠣ ᠶᠢ ᠪᠢᠴᠢᠭᠯᠡᠬᠦ ᠬᠡᠷᠡᠭᠲᠡᠢ ᠭᠡᠵᠡᠢ᠃ ᠪᠥᠭᠦ ᠬᠤᠰᠢᠭᠤᠨ ᠤ ᠥᠷᠭᠡᠨ ᠤᠯᠠᠨ ᠡᠮᠡᠭᠳᠠᠶᠢᠴᠤᠳ ᠨᠠᠮ ᠤᠨ ᠥᠭᠡ ᠶᠢ ᠰᠤᠨᠤᠰᠤᠨ ᠨᠠᠮ ᠢᠶᠠᠨ ᠲᠠᠭᠠᠵᠤ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠶᠢ ᠥᠢᠯᠡᠳᠤᠯᠭᠡᠵᠢᠭᠦᠯᠭᠦ ᠲᠤᠮᠳᠠ ᠡᠮᠡᠭᠳᠠᠶᠢᠴᠤᠳ ᠤᠨ ᠤᠮᠤᠭ ᠵᠤᠷᠢᠭ ᠢᠶᠠᠨ ᠪᠠᠳᠠᠷᠠᠭᠤᠯᠤᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠲᠤᠮᠳᠠ ᠬᠤᠪᠢ ᠨᠠᠮᠠᠷᠢ ᠪᠠᠨ ᠡᠷᠭᠦᠵᠤ ᠡᠷᠭᠢᠮ ᠨᠠᠨᠳᠢᠨ ᠰᠢᠯᠢᠳᠡᠭ ᠵᠠᠩ ᠰᠤᠷᠳᠠᠯ ᠢ ᠣᠯᠠᠮᠵᠢᠯᠠᠨ ᠨᠠᠶᠢᠭᠡᠮ ᠵᠢᠷᠤᠮ ᠤᠨ ᠭᠤᠤᠯᠯᠠᠭᠴᠢ ᠥᠷᠳᠡᠭ ᠤᠨ ᠥᠵᠠᠯᠳᠠ ᠶᠢ ᠥᠯᠡᠳᠤᠯᠭᠡᠵᠢᠭᠦᠯᠭᠦ ᠲᠤᠮᠳᠠ ᠡᠮᠡᠭᠳᠠᠶᠢᠴᠤᠳ ᠤᠨ ᠴᠤᠭ ᠵᠢᠪᠬᠤᠭ᠎ᠠ ᠶᠢ ᠢᠯᠠᠷᠠᠭᠦᠯᠵᠦ ᠴᠢᠷᠮᠠᠶᠢᠨ ᠰᠤᠷᠤᠯᠴᠠᠵᠦ ᠯᠠᠪᠳᠠᠭᠤᠨ ᠠᠵᠢᠯᠯᠠᠵᠤ ᠴᠢᠳᠠᠪᠤᠷᠢ ᠪᠤᠯᠤᠨ ᠭᠡᠪ ᠴᠢᠨᠠᠷ ᠤᠨ ᠪᠤᠯᠪᠠᠰᠤᠷᠠᠯ ᠲᠤᠮᠳᠠ ᠡᠮᠡᠭᠳᠠᠶᠢᠴᠤᠳ ᠤᠨ ᠢᠶᠠᠨ ᠤᠶᠤᠨ ᠤᠬᠠᠭᠠᠨ ᠢ ᠬᠠᠳᠠᠭᠤᠵᠢᠭᠤᠯᠤᠨ ᠰᠢᠯᠭᠠᠷᠠᠭᠤᠯᠬᠤ ᠶᠢ ᠭᠥᠰᠠᠵᠤ ᠪᠠᠶᠢᠨ᠎ᠠ ᠭᠡᠵᠡᠢ᠃      ᠬᠤᠷᠠᠯ ᠢᠶᠠᠷ ᠥᠥᠰᠢᠨ ᠬᠤᠰᠢᠭᠤᠨ ᠤ ᠡᠮᠡᠭᠳᠠᠶᠢᠴᠤᠳ ᠤᠨ ᠬᠤᠯᠪᠤᠭᠠᠲᠤ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠵᠥᠪᠯᠠᠯ ᠤᠨ ᠭᠡᠰᠢᠭᠦᠨ᠂ ᠭᠥᠢᠴᠡᠳᠭᠡᠭᠦ ᠵᠥᠪᠯᠠᠯ ᠤᠨ ᠭᠡᠰᠢᠭᠦᠨ᠂ ᠥᠥᠰᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠲᠠᠷᠢᠭᠦᠯᠡᠭᠴᠢ᠂ ᠲᠡᠳ᠋ ᠲᠠᠷᠢᠭᠦᠯᠡᠭᠴᠢ᠂ ᠲᠤᠰᠢᠶᠠᠯ ᠬᠠᠪᠰᠤᠷᠭᠠᠭᠰᠠᠨ ᠳᠡᠳ᠋ ᠲᠠᠷᠢᠭᠦᠯᠡᠭᠴᠢ ᠶᠢ ᠰᠤᠩᠭᠤᠵᠤ ︽ᠥᠥᠰᠢᠨ ᠬᠤᠰᠢᠭᠤᠨ ᠤ ᠡᠮᠡᠭᠳᠠᠶᠢᠴᠤᠳ ᠤᠨ ᠬᠤᠯᠪᠤᠭᠠᠲᠤ ᠬᠤᠷᠠᠯ ᠤᠨ ᠠᠷᠪᠠᠨ ᠬᠤᠶᠠᠳᠤᠭᠠᠷ ᠬᠤᠭᠤᠴᠠᠭᠠᠨ ᠤ ᠭᠥᠢᠴᠡᠳᠭᠡᠭᠦ ᠵᠥᠪᠯᠠᠯ ᠤᠨ ᠠᠵᠢᠯ ᠤᠨ ᠮᠡᠳᠡᠭᠦᠯᠥᠯᠳᠠ︾ ᠶᠢᠨ ᠰᠶᠢᠳᠪᠤᠷᠢ ᠶᠢ ᠭᠢᠨᠠᠨ ᠪᠠᠳᠤᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号