ᠬᠤᠰᠢᠭᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-01-03
      ᠣᠶᠢᠷ᠎ᠠ ᠳᠤ᠂ ᠬᠤᠰᠢᠭᠤ ᠵᠠᠰᠠᠭ ᠤᠨ ᠣᠷᠳᠣᠨ ᠠᠴᠠ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ 2018 ᠣᠨ ᠤ 1 — 12 ᠰᠠᠷ᠎ᠠ ᠶᠢᠨ ᠡᠳ᠋ ᠤᠨ ᠵᠠᠰᠠᠭ ᠤᠨ ᠡᠷᠭᠢᠯᠲᠡ᠂ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠪᠠᠶᠢᠳᠠᠯ ᠤᠨ ᠳᠣᠬᠠᠢ ᠨᠡᠶᠢᠳᠡᠯᠡᠭᠰᠡᠨ ᠪᠠᠶᠢᠨ᠎ᠠ᠃ ᠬᠤᠰᠢᠭᠤ ᠬᠦᠭᠵᠢᠬᠦᠯᠦᠯᠲᠡ ᠦᠬᠡᠷᠡᠴᠢᠯᠡᠯᠳᠡ ᠶᠢᠨ ᠳᠣᠪᠴᠢᠶ᠎ᠠ ᠪᠠ ᠡᠳ᠋ ᠤᠨ ᠵᠠᠰᠠᠭ ᠤᠨ ᠳᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ  ᠠᠴᠠ ᠬᠠᠮᠢᠶ᠎ᠠ ᠪᠦᠬᠦᠢ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠭᠦ ᠶᠢᠨ ᠬᠠᠮᠲᠣ ᠰᠣᠷᠪᠣᠯᠵᠢᠯᠠᠭᠴᠢ ᠶᠢᠨ ᠠᠰᠠᠭᠤᠯᠳᠠ  ᠶᠢ ᠬᠠᠷᠢᠭᠤᠯᠪᠠ᠃
     2018 ᠣᠨ ᠳᠤ᠂ ᠬᠤᠰᠢᠭᠤ ᠡᠳ᠋ ᠤᠨ ᠵᠠᠰᠠᠭ ᠤᠨ ᠳᠣᠪᠴᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠤᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠦ ᠂ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ᠂ ᠬᠤᠰᠢᠭᠤᠨ ᠤ ᠡᠯ᠎ᠡ ᠵᠦᠢᠯ ᠤᠨ ᠳᠦᠷᠦ ᠶᠢᠨ ᠪᠣᠳᠣᠯᠭ᠎ᠠ ᠪᠠᠶᠢᠷᠢᠯᠠᠭᠤᠯᠣᠯᠲᠠ ᠶᠢ ᠬᠦᠨᠵᠡᠬᠡᠢ ᠲᠤᠭᠤᠰᠢᠯᠠᠭᠤᠯᠵᠤ᠂ ᠪᠦᠬᠦ ᠵᠢᠯ ᠤᠨ ᠣᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠦᠪ ᠤᠨ ᠣᠷᠣᠯᠭ᠎ᠠ ᠶᠢ 21 ᠳ᠋ᠦᠩᠰᠢᠭᠤᠷ ᠲᠦᠭᠦᠷᠢᠭ ᠪᠡᠶᠡᠯᠡᠬᠦᠯᠵᠦ᠂ ᠵᠢᠯ ᠤᠨ ᠡᠬᠢᠨ ᠤ ᠳᠦᠰᠦᠪ ᠤᠨ 122.28% ᠶᠢ ᠪᠡᠶᠡᠯᠡᠬᠦᠯᠵᠦ᠂ 28.8% ᠪᠠᠷ ᠨᠡᠮᠡᠭᠳᠠᠨ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠦᠪ ᠤᠨ ᠵᠠᠷᠣᠳᠠᠯ ᠢ 35.23 ᠳ᠋ᠦᠩᠰᠢᠭᠤᠷ ᠲᠦᠭᠦᠷᠢᠭ ᠪᠡᠶᠡᠯᠡᠬᠦᠯᠤᠨ᠂ 19% ᠪᠠᠷ ᠨᠡᠮᠡᠭᠳᠠᠵᠤ᠂ ᠪᠦᠬᠦ ᠵᠢᠯ ᠳᠤ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠠ ᠪᠠᠳᠣᠯᠠᠬᠤ ᠳᠤ 23.2 ᠳ᠋ᠦᠩᠰᠢᠭᠤᠷ ᠲᠦᠭᠦᠷᠢᠭ ᠣᠷᠣᠭᠤᠯᠵᠦ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠦᠪ ᠤᠨ ᠵᠠᠷᠣᠳᠠᠯ ᠤᠨ 66% ᠳᠤ ᠬᠦᠷᠴᠦ᠂ ︽ᠪᠦᠷᠢᠨ ᠴᠢᠳᠠᠮᠵᠢᠲᠣ ᠺᠠᠷᠲ︾ ᠢᠶᠠᠷ ᠪᠦᠬᠦ ᠨᠡᠶᠢᠳᠡ 3 ᠳ᠋ᠦᠩᠰᠢᠭᠤᠷ ᠲᠦᠭᠦᠷᠢᠭ ᠤᠨ ᠨᠦᠬᠦᠪᠦᠷᠢ ᠳᠠᠷᠬᠠᠭᠠᠭᠰᠠᠨ ᠪᠠᠶᠢᠨ᠎ᠠ᠃
     2018 ᠣᠨ ᠤ 12 ᠰᠠᠷ᠎ᠠ ᠪᠣᠯᠳᠠᠯ᠎ᠠ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠪᠠᠷᠤᠭ 382.9 ᠳ᠋ᠦᠩᠰᠢᠭᠤᠷ ᠲᠦᠭᠦᠷᠢᠭ ᠪᠡᠶᠡᠯᠡᠬᠦᠯᠵᠦ᠂ 6.9% ᠪᠠᠷ ᠨᠡᠮᠡᠭᠳᠡᠵᠤ᠂ ᠨᠡᠶᠢᠬᠡᠮ ᠤᠨ ᠬᠡᠷᠡᠭᠯᠡᠬᠡᠨ ᠤ ᠵᠦᠢᠯ ᠢ ᠵᠢᠵᠢᠭᠯᠡᠨ ᠬᠤᠳᠠᠯᠳᠣᠬᠤ  ᠶᠡᠷᠤᠩᠬᠡᠢ ᠲᠤᠭ᠎ᠠ 41.5 ᠳ᠋ᠦᠩᠰᠢᠭᠤᠷ ᠲᠦᠬᠦᠷᠢᠭ ᠲᠤ ᠬᠦᠷᠴᠤ᠂ 7.3% ᠪᠠᠷ ᠨᠡᠮᠡᠭᠳᠠᠨ᠂ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ  ᠤᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠨᠢ ᠳᠣᠰ ᠪᠦᠷᠢ 44700 ᠲᠦᠬᠦᠷᠢᠭ ᠪᠠ 18100 ᠲᠦᠬᠦᠷᠢᠭ ᠬᠦᠷᠴᠦ᠂ 7.5% ᠪᠠ 8.5% ᠪᠠᠷ ᠨᠡᠮᠡᠭᠳᠠᠵᠤ᠂ ᠭᠠᠵᠠᠷ ᠣᠷᠣᠨ ᠤ ᠶᠡᠷᠦᠩᠬᠡᠢ ᠬᠦᠴᠦᠨ ᠢᠶᠠᠷ ᠳᠣᠮᠳᠠᠳᠣ ᠣᠯᠣᠰ ᠤᠨ ᠪᠠᠷᠠᠭᠤᠨ ᠣᠷᠣᠨ ᠤ ᠵᠠᠭᠤᠨ ᠬᠦᠴᠦᠷᠭᠡᠭ ᠬᠤᠰᠢᠭᠤ ᠰᠢᠶᠠᠨ ᠤ ᠳᠣᠯᠣᠳᠣᠭᠠᠷ ᠲᠤ ᠤᠷᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号