ᠤᠶᠢᠷ᠎ᠠ ᠶᠢᠨ ᠡᠳᠤᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠭᠠᠯᠠᠭᠤᠳᠤ ᠪᠠᠯᠭᠠᠰᠤᠨ ᠤ | ᠥᠵᠡᠮᠵᠢ ᠶᠢ ᠭᠤᠶᠤᠵᠢᠭᠤᠯᠬᠤ ᠢᠨᠵᠧᠨᠧᠷᠢᠩ ᠤᠨ ᠪᠤᠳᠠᠲᠤ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠵᠤ᠂ | ᠢᠨᠵᠧᠨᠧᠷᠢᠩ ᠤᠨ ᠲᠥᠯᠥᠪᠯᠡᠭᠡ ᠲᠥᠯᠤᠪᠵᠢᠭᠦᠯᠭᠡ ᠶᠢᠨ ᠪᠠᠶᠢᠭᠤᠯᠭ᠎ᠠ ᠨᠢᠭᠡᠴᠢ ᠪᠤᠯᠬᠤ ᠲᠢᠶᠠᠨᠵᠢᠨ ᠬᠤᠳᠠ ᠶᠢᠨ | ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠲᠥᠯᠥᠪᠵᠢᠭᠦᠯᠭᠡ ᠶᠢᠨ ᠰᠤᠳᠤᠯᠭᠠᠨ ᠤ ᠭᠥᠷᠢᠶᠠᠯᠠᠩ ᠤᠨ ᠠᠵᠢᠯ ᠤᠨ | ᠪᠥᠯᠭᠦᠮ᠂ ᠭᠠᠯᠠᠭᠤᠳᠤ ᠪᠠᠯᠭᠠᠰᠤ᠂ ᠴᠡᠴᠡᠷᠯᠢᠭᠵᠢᠭᠦᠯᠤᠯᠳᠠ ᠨᠤᠭᠤᠭᠠᠷᠠᠭᠤᠯᠤᠯᠳᠠ ᠶᠢᠨ ᠲᠤᠪᠴᠢᠶ᠎ᠠ᠂ ᠬᠤᠲᠠ ᠶᠢᠨ | ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠭᠦ ᠲᠤᠪᠴᠢᠶ᠎ᠠ᠂ ᠨᠠᠶᠢᠳᠠ ᠶᠢᠨ ᠬᠡᠷᠡᠭᠯᠡᠭᠡᠨ ᠤ ᠥᠢᠯᠡᠰ ᠤᠨ ᠬᠠᠮᠢᠶᠠᠷᠤᠯᠳᠠ | ᠶᠢᠨ ᠲᠤᠪᠴᠢᠶ᠎ᠠ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | | | | | | | ᠡᠷᠳᠠᠨᠢᠪᠢᠯᠢᠭ᠌ ᠨᠠᠷ ᠤᠷᠢᠳ ᠬᠤᠵᠢᠳ ᠭᠠᠯᠠᠭᠤᠳᠤ ᠪᠠᠯᠭᠠᠰᠤᠨ ᠤ ᠡᠯ᠎ᠠ ᠤᠷᠤᠵᠤ ᠭᠠᠷᠬᠤ ᠡᠭᠦᠳᠠ᠂ ᠭᠤᠤᠯ | ᠵᠠᠮ ᠱᠤᠭᠤᠮ᠂ ᠤᠶᠢᠷ᠎ᠠ ᠬᠠᠪᠢ ᠶᠢᠨ ᠭᠠᠴᠠᠭ᠎ᠠ ᠲᠤᠰᠬᠤᠨ ᠢᠶᠠᠷ ᠭᠥᠷᠴᠤ ᠪᠠᠶᠢᠴᠠᠭᠠᠨ ᠰᠤᠳᠤᠯᠤᠯᠳᠠ ᠭᠢᠪᠠ᠃ | ᠪᠠᠶᠢᠴᠠᠭᠠᠨ ᠰᠤᠳᠤᠯᠤᠯᠳᠠ ᠲᠤᠮᠳᠠ ᠡᠷᠳᠠᠨᠢᠪᠢᠯᠢᠭ᠌ ᠵᠢᠭᠠᠬᠤ ᠳᠤ ᠪᠠᠨ᠂ ᠲᠤᠰ ᠤᠳᠠᠭᠠᠨ ᠤ ᠭᠠᠯᠠᠭᠤᠳᠤ ᠪᠠᠯᠭᠠᠰᠤᠨ | ᠤ ᠥᠵᠡᠮᠵᠢ ᠶᠢ ᠭᠤᠶᠤᠵᠢᠭᠤᠯᠬᠤ ᠢᠨᠵᠧᠨᠧᠷᠢᠩ ᠪᠤᠯ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ | ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠪᠠᠷ ᠶᠠᠷᠤᠩᠭᠡᠢ ᠬᠠᠷᠠᠯᠳᠠ ᠪᠤᠯᠭᠠᠨ᠂ ᠰᠢ ᠶᠢᠨ ᠫᠢᠩ ᠶᠠᠷᠤᠩᠭᠡᠢ | ᠱᠥᠵᠢ ᠶᠢᠨ ᠲᠤᠷᠠᠳᠤᠭᠰᠠᠨ ︽ᠴᠡᠴᠡᠷᠯᠢᠭᠵᠢᠭᠰᠡᠨ ᠬᠤᠳᠠ︾ ᠶᠢᠨ ᠤᠨᠤᠯᠵᠢᠭᠤᠨ ᠢ ᠭᠥᠢᠴᠡᠳ ᠢᠯᠠᠷᠠᠭᠦᠯᠭᠦ ᠠᠵᠢᠯ | ᠪᠤᠯᠤᠨ᠎ᠠ ᠭᠡᠵᠡᠢ᠃ ᠲᠠᠷᠠ ᠴᠢᠬᠤᠯᠠᠴᠢᠯᠠᠬᠤ ᠳᠤ ᠪᠠᠨ᠂ ᠬᠤᠳᠠ ᠶᠢᠨ ᠥᠵᠡᠮᠵᠢ ᠶᠢ ᠭᠤᠶᠤᠵᠢᠭᠤᠯᠬᠤ ᠳᠤ ᠵᠠᠪᠠᠯ | ᠵᠤᠭᠤᠰ ᠮᠥᠩᠭᠦ ᠪᠠᠭ᠎ᠠ ᠵᠠᠷᠤᠴᠠᠭᠤᠯᠵᠤ ᠶᠡᠭᠡ ᠥᠢᠯᠡᠰ ᠡᠷᠭᠢᠯᠠᠭᠦ ᠶᠢ ᠪᠠᠷᠢᠮᠳᠠᠯᠠᠨ᠂ ᠲᠥᠯᠥᠪᠯᠡᠭᠡ ᠲᠥᠯᠥᠪᠵᠢᠭᠦᠯᠭᠡ | ᠶᠢᠨ ᠪᠠᠶᠢᠭᠤᠯᠭ᠎ᠠ ᠨᠢᠭᠡᠴᠢ ᠨᠢ ᠲᠤᠬᠠᠢ ᠶᠢᠨ ᠭᠠᠵᠠᠷ ᠲᠤᠨᠢ ᠲᠤᠭᠢᠷᠠᠭᠤᠯᠤᠨ ᠭᠠᠯᠠᠭᠤᠳᠤ ᠪᠠᠯᠭᠠᠰᠤᠨ ᠤ ᠥᠵᠡᠮᠵᠢ ᠶᠢ | ᠭᠤᠶᠤᠵᠢᠭᠤᠯᠬᠤ ᠥᠭᠡᠷᠡᠴᠢᠯᠠᠯᠳᠠ ᠶᠢᠨ ᠲᠥᠰᠥᠯ ᠢ ᠲᠤᠭᠳᠠᠭᠠᠨ ᠭᠠᠷᠭᠠᠵᠤ᠂ ᠭᠠᠯᠠᠭᠤᠳᠤ ᠪᠠᠯᠭᠠᠰᠤ ᠪᠠᠨ ᠠᠮᠢ | ᠠᠬᠤᠢ ᠭᠤᠶᠤ ᠰᠠᠶᠢᠬᠠᠨ᠂ ᠤᠷᠤᠰᠢᠨ ᠰᠠᠭᠤᠬᠤ ᠤᠷᠴᠢᠨ ᠲᠤᠭᠤᠷᠢᠨ ᠲᠠᠭᠠᠳᠠᠢ᠂ ᠲᠥᠷᠢ ᠲᠥᠷᠭᠦ ᠡᠷᠭᠢᠮᠰᠤᠭ᠌᠂ | ᠤᠨᠴᠠᠯᠢᠭ ᠲᠤᠪᠤᠶᠢᠮ᠎ᠠ ᠲᠠᠯ᠎ᠠ ᠨᠤᠳᠤᠭ ᠤᠨ ᠬᠤᠳᠠ ᠪᠠᠯᠭᠠᠰᠤ ᠪᠤᠯᠭᠠᠨ ᠪᠥᠳᠥᠭᠡᠨ ᠪᠠᠶᠢᠭᠤᠯᠬᠤ ᠭᠡᠷᠡᠭᠳᠠᠢ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠭᠠᠯᠠᠭᠤᠳᠤ ᠪᠠᠯᠭᠠᠰᠤᠨ ᠤ ᠡᠯ᠎ᠠ ᠤᠷᠤᠵᠤ ᠭᠠᠷᠬᠤ ᠡᠭᠦᠳᠠ | ᠪᠤᠯᠤᠨ ᠬᠤᠳᠠ ᠶᠢᠨ ᠭᠤᠤᠯ ᠵᠠᠮ ᠱᠤᠭᠤᠮ ᠤᠨ ᠴᠢᠬᠤᠯᠠ ᠭᠡᠰᠡᠭ ᠤᠨ ᠥᠵᠡᠮᠵᠢ ᠶᠢ ᠲᠤᠪᠤᠶᠢᠯᠭᠠᠨ᠂ ᠤᠷᠠᠯᠢᠭᠴᠢ | ᠴᠢᠨᠠᠷ ᠢ ᠢᠯᠠᠷᠠᠭᠦᠯᠵᠤ᠂ ᠬᠤᠳᠠ ᠶᠢᠨ ᠠᠷᠠᠳ ᠤᠨ ᠰᠠᠯᠠᠭᠦᠴᠠᠯ ᠵᠤᠭ᠎ᠠ ᠴᠡᠩᠭᠡᠯ ᠤᠨ ᠰᠠᠶᠢᠬᠠᠨ ᠭᠠᠵᠠᠷ ᠪᠤᠯᠭᠠᠨ | ᠪᠥᠳᠥᠭᠡᠨ ᠪᠠᠶᠢᠭᠤᠯᠬᠤ ᠭᠡᠷᠭᠳᠠᠢ᠃ ᠡᠯ᠎ᠠ ᠰᠠᠯᠠᠭ᠎ᠠ ᠮᠥᠴᠢᠷ ᠲᠥᠯᠥᠪᠯᠡᠭᠡ ᠲᠥᠯᠥᠪᠵᠢᠭᠦᠯᠭᠡ ᠶᠢᠨ ᠰᠠᠯᠠᠭ᠎ᠠ ᠮᠥᠴᠢᠷ | ᠲᠠᠢ ᠨᠢᠭᠲᠠ ᠬᠠᠮᠵᠢᠯᠴᠠᠨ᠂ ᠢᠨᠵᠧᠨᠧᠷᠢᠩ ᠤᠨ ᠭᠡᠷᠡᠭᠵᠢᠭᠦᠯᠭᠦ ᠲᠥᠰᠥᠯ ᠢ ᠡᠷᠳᠠᠭᠡᠨ ᠲᠤᠭᠲᠠᠭᠠᠵᠤ᠂ ᠴᠠᠭ | ᠬᠤᠭᠤᠴᠠᠭ᠎ᠠ ᠶᠢ ᠴᠢᠩᠭ᠎ᠠ ᠡᠵᠡᠮᠳᠠᠨ᠂ ᠬᠠᠪᠤᠷ ᠤᠨ ᠡᠭᠢ ᠪᠠᠷ ᠢᠨᠵᠧᠨᠧᠷᠢᠩ ᠢ ᠭᠡᠷᠡᠭᠵᠢᠭᠦᠯᠬᠦ ᠱᠠᠳᠤᠨ ᠳᠤ | ᠤᠷᠤᠭᠤᠯᠬᠤ ᠭᠡᠷᠡᠭᠳᠠᠢ᠃ ᠬᠤᠳᠠ ᠪᠠᠯᠭᠠᠰᠤᠨ ᠤ ᠪᠥᠳᠥᠭᠡᠨ ᠪᠠᠶᠢᠭᠤᠯᠤᠯᠳᠠ ᠪᠤᠯᠤᠨ ᠤᠷᠴᠢᠨ ᠲᠤᠭᠤᠷᠢᠨ ᠤ | ᠴᠡᠭᠴᠡᠯᠠᠯᠳᠠ ᠶᠢᠨ ᠠᠭᠢᠴᠠ ᠶᠢ ᠲᠥᠷᠭᠡᠳᠭᠡᠨ᠂ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ | ᠬᠤᠳᠠ ᠶᠢᠨ ᠡᠭᠦᠳᠤᠨ ᠪᠠᠶᠢᠭᠤᠯᠤᠯᠳᠠ ᠳᠤ ᠰᠠᠶᠢᠨ ᠰᠠᠭᠤᠷᠢ ᠲᠠᠯᠪᠢᠬᠤ ᠬᠡᠷᠡᠭᠲᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠬᠤᠳᠠ ᠶᠢᠨ ᠤᠶᠢᠷ᠎ᠠ ᠬᠠᠪᠢ ᠶᠢᠨ ᠭᠠᠴᠠᠭ᠎ᠠ ᠲᠤᠰᠬᠤᠨ ᠪᠤᠯ | ᠭᠠᠯᠠᠭᠤᠳᠤ ᠪᠠᠯᠭᠠᠰᠤᠨ ᠤ ᠥᠵᠡᠮᠵᠢ ᠶᠢᠨ ᠭᠤᠶᠤᠵᠢᠭᠤᠯᠤᠯᠲᠠ ᠪᠤᠯᠤᠨ ᠤᠷᠴᠢᠨ ᠲᠤᠭᠤᠷᠢᠨ ᠤ ᠴᠡᠭᠴᠡᠯᠠᠯᠳᠠ ᠶᠢᠨ | ᠭᠤᠤᠯᠳᠠᠯᠭ᠎ᠠ ᠲᠠᠢ ᠤᠷᠤᠨ ᠪᠤᠯᠬᠤᠷ ᠭᠠᠴᠠᠭ᠎ᠠ ᠲᠤᠰᠬᠤᠨ ᠤ ᠺᠠᠳ᠋ᠷ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ | ᠢᠶᠠᠨ ᠰᠠᠶᠢᠨ ᠪᠠᠳᠠᠷᠠᠭᠤᠯᠵᠤ᠂ ᠭᠠᠴᠠᠭ᠎ᠠ ᠲᠤᠰᠬᠤᠨ ᠤ ᠠᠷᠠᠳ ᠤᠨ ᠥᠵᠠᠯ ᠰᠠᠨᠠᠭ᠎ᠠ ᠶᠢ ᠳᠡᠭᠡᠭᠰᠢᠯᠡᠭᠦᠯᠦᠨ ᠬᠠᠮᠳᠤ | ᠶᠢᠨ ᠠᠵᠤ ᠠᠬᠤᠢ ᠶᠢ ᠭᠥᠭᠵᠢᠭᠦᠯᠵᠤ᠂ ᠥᠵᠠᠮᠵᠢ ᠶᠢ ᠭᠤᠶᠤᠵᠢᠭᠤᠯᠬᠤ᠂ ᠮᠠᠯᠴᠢᠨ ᠲᠠᠷᠢᠶᠠᠴᠢᠨ ᠠᠶᠢᠯ ᠤᠨ | ᠵᠤᠴᠢᠯᠠᠭ᠎ᠠ ᠶᠢᠨ ᠭᠠᠵᠠᠷ ᠢ ᠤᠷᠤᠭᠤᠯᠬᠤ ᠵᠡᠷᠭᠡ ᠠᠷᠭ᠎ᠠ ᠪᠠᠷ ᠲᠠᠮᠵᠢᠭᠤᠯᠤᠨ ᠬᠤᠳᠠ ᠶᠢᠨ ᠠᠷᠠᠳ ᠲᠤ ᠰᠠᠯᠠᠭᠦᠴᠠᠯ | ᠵᠤᠭᠠᠴᠠᠯ ᠤᠨ ᠰᠠᠶᠢᠬᠠᠨ ᠤᠷᠴᠢᠨ ᠢ ᠪᠥᠷᠢᠯᠳᠤᠭᠦᠯᠵᠤ᠂ ᠭᠠᠴᠠᠭ᠎ᠠ ᠲᠤᠰᠬᠤᠨ ᠤ ᠠᠵᠤ ᠠᠬᠤᠢ ᠶᠢᠨ ᠤᠷᠤᠯᠭ᠎ᠠ ᠶᠢ | ᠲᠡᠭᠡᠭᠰᠢᠯᠡᠭᠦᠯᠭᠦ ᠭᠡᠷᠡᠭᠳᠠᠢ ᠭᠡᠵᠡᠢ᠃ | | | | | | ᠤᠶᠢᠯᠠᠭᠠᠭᠰᠠᠨ ᠢᠶᠠᠷ᠂ ᠭᠠᠯᠠᠭᠤᠳᠤ ᠪᠠᠯᠭᠠᠰᠤᠨ ᠤ ᠥᠵᠡᠮᠵᠢ ᠶᠢ ᠭᠤᠶᠤᠵᠢᠭᠤᠯᠬᠤ ᠢᠨᠵᠧᠨᠧᠷᠢᠩ ᠤᠨ | ᠭᠡᠷᠡᠭᠵᠢᠭᠦᠯᠥᠯᠳᠠ ᠨᠢ ᠬᠤᠳᠠ ᠶᠢᠨ ᠨᠤᠭᠤᠭᠤᠷᠠᠭᠤᠯᠤᠯᠳᠠ ᠶᠢᠨ ᠤᠷᠴᠢᠨ ᠢ ᠰᠠᠶᠢᠵᠢᠷᠠᠭᠤᠯᠵᠤ᠂ ᠬᠤᠳᠠ ᠶᠢᠨ ᠵᠡᠭᠦᠨ | ᠬᠤᠶᠢᠳᠤ ᠬᠠᠭᠠᠰ ᠲᠤᠭᠤᠷᠢᠭ ᠪᠤᠯᠤᠨ ᠬᠤᠶᠢᠳᠤ ᠭᠡᠰᠡᠭ ᠤᠨ ᠨᠤᠭᠤᠭᠤᠷᠠᠭᠤᠯᠤᠯᠳᠠ ᠶᠢᠨ ᠭᠡᠮᠵᠢᠶ᠎ᠠ ᠶᠢ ᠨᠡᠮᠡᠭᠳᠡᠭᠦᠯᠦᠨ | ᠂ ᠨᠤᠭᠤᠭᠤᠷᠠᠭᠤᠯᠤᠯᠳᠠ ᠤᠨ ᠴᠢᠨᠠᠷ ᠢ ᠳᠡᠭᠡᠭᠰᠢᠯᠡᠭᠦᠯᠦᠨ᠂ ᠬᠤᠳᠠ ᠶᠢᠨ ᠳᠦᠷᠢ ᠲᠥᠷᠭᠦ ᠶᠢ ᠰᠠᠶᠢᠵᠢᠷᠠᠭᠤᠯᠬᠤ᠂ ᠵᠠᠮ | ᠬᠠᠷᠢᠯᠴᠠᠭ᠎ᠠ ᠶᠢ ᠨᠠᠪᠳᠠᠷᠠᠭᠦᠯᠭᠦ᠂ ᠤᠯᠠᠨ ᠨᠠᠶᠢᠳᠠ ᠶᠢᠨ ᠥᠢᠯᠡᠴᠢᠯᠡᠭᠡᠨ ᠤ ᠭᠢᠷᠢ ᠲᠥᠪᠰᠢᠨ ᠢ ᠲᠡᠭᠡᠭᠰᠢᠯᠡᠭᠦᠯᠭᠦ᠂ | ᠬᠤᠳᠠ ᠶᠢᠨ ᠤᠷᠴᠢᠨ ᠲᠤᠭᠤᠷᠢᠨ ᠪᠤᠯᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠳᠤ ᠴᠢᠬᠤᠯᠠ ᠠᠴᠢ | ᠬᠤᠯᠪᠤᠭᠳᠠᠯ ᠲᠠᠢ ᠶᠤᠮ᠃ | | |