ᠤᠯᠤᠰ ᠤᠨ ᠲᠡᠷᠢᠬᠦᠯᠡᠭᠴᠢ ᠰᠢ ᠶᠢᠨ ᠫᠢᠩ 1 ᠰᠠᠷ᠎ᠠ ᠶᠢᠨ 27 ᠤ ᠡᠳᠤᠷ ᠹᠷᠠᠨᠼᠢ ᠶᠢᠨ ᠶᠡᠷᠤᠩᠬᠡᠶᠢᠯᠡᠭᠴᠢ | ᠮᠠᠶᠢᠺᠷᠤᠨ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠥ᠂ ᠲᠤᠮᠳᠠᠳᠤ ᠹᠷᠠᠨᠼᠢ ᠶᠢᠨ ᠬᠠᠷᠢᠯᠴᠠᠭ᠎ᠠ | ᠪᠠᠶᠢᠭᠤᠯᠤᠭᠰᠠᠠ 55 ᠵᠢᠯ ᠤᠨ ᠤᠢ ᠶᠢ ᠪᠡᠯᠬᠡᠯᠡᠪᠡ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠮᠳᠠᠳᠤ ᠹᠷᠠᠨᠼᠢ ᠶᠢᠨ ᠬᠠᠷᠢᠯᠴᠠᠭ᠎ᠠ | ᠪᠠᠶᠢᠭᠤᠯᠤᠭᠰᠠᠠ 55 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ᠂ ᠠᠳᠠᠯᠢ | ᠲᠠᠯ᠎ᠠ ᠪᠠᠨ ᠡᠷᠢᠵᠥ ᠵᠦᠷᠢᠶ᠎ᠡ ᠲᠠᠢ ᠲᠠᠯ᠎ᠠ ᠪᠠᠨ ᠦᠯᠡᠳᠡᠬᠡᠬᠦ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ | ᠬᠦᠷᠳᠡᠬᠦ ᠶᠢ ᠪᠠᠷᠢᠮᠳᠠᠯᠠᠵᠥ᠂ ᠬᠤᠶᠠᠷ ᠲᠠᠯ᠎ᠠ ᠶᠢᠨ ᠶᠠᠪᠤᠯᠴᠠᠭ᠎ᠠ ᠬᠠᠮᠳᠤᠷᠠᠯᠴᠠᠭ᠎ᠠ ᠪᠠᠨ ᠲᠠᠰᠤᠷᠠᠯᠳᠡ ᠦᠭᠡᠢ | ᠦᠷᠬᠡᠳᠬᠡᠨ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠤᠳᠠᠳᠠᠢ ᠠᠵᠠ ᠵᠢᠷᠭᠠᠯ | ᠤᠯᠭᠤᠵᠠᠢ᠃ ᠤᠳᠤᠬᠠᠨ ᠳᠤ ᠲᠡᠯᠡᠬᠡᠢ ᠳ᠋ᠡᠬᠢᠨ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠰᠤᠯᠳᠠ ᠳᠤ | ᠲᠤᠯᠭᠠᠷᠠᠵᠥ᠂ ᠬᠦᠮᠤᠨ ᠲᠦᠷᠦᠯᠬᠢᠳᠡᠨ ᠤ ᠨᠡᠶᠢᠬᠡᠮ ᠤᠨ ᠬᠦᠭᠵᠢᠯᠳᠡ ᠳᠤ ᠮᠠᠰᠢ ᠤᠯᠠᠨ ᠠᠵᠠ ᠲᠤᠬᠢᠶᠠᠯ ᠪᠤᠯᠤᠨ | ᠦᠷᠢᠰᠦᠯᠳᠦᠬᠡᠨ ᠲᠤᠯᠭᠠᠷᠠᠵᠥ ᠪᠠᠶᠢᠨ᠎ᠠ᠃ ᠲᠤᠮᠳᠠᠳᠤ ᠹᠷᠠᠨᠼᠢ ᠪᠤᠯ ᠪᠦᠷ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ ᠶᠢᠨ ᠠᠶᠤᠯ ᠦᠬᠡᠢ ᠶᠢᠨ ᠵᠦᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠪᠤᠯᠤᠨ᠎ᠠ᠂ | ᠤᠨᠴᠠᠭᠠᠢ ᠲᠡᠤᠬᠡᠳᠤ ᠡᠬᠦᠷᠬᠡ ᠪᠤᠯᠤᠨ ᠬᠠᠷᠢᠭᠤᠴᠠᠯᠭ᠎ᠠ ᠶᠢ ᠡᠬᠦᠷᠭᠡᠯᠡᠵᠥ ᠪᠠᠶᠢᠨ᠎ᠠ᠃ ᠪᠢ ᠲᠤᠷᠠᠳᠠᠶ᠎ᠠ ᠲᠠᠨ ᠲᠠᠢ | ᠬᠠᠮᠳᠤ ᠪᠠᠷ ᠴᠢᠷᠮᠡᠶᠢᠵᠥ ᠪᠠᠶᠢᠭᠠᠳ ᠤᠯᠠᠮᠵᠢᠯᠠᠯᠳᠤ ᠨᠦᠬᠦᠷᠯᠡᠯ ᠢᠶᠠᠨ ᠪᠠᠳᠠᠷᠠᠭᠤᠯᠤᠨ᠂ ᠤᠯᠠᠨ ᠲᠠᠯᠠᠳᠤ ᠦᠵᠡᠯ ᠤᠨ | ᠲᠤᠭ ᠢ ᠦᠨᠳᠤᠷ ᠮᠠᠨᠳᠤᠭᠤᠯᠵᠥ᠂ ᠢᠳᠡᠪᠬᠢᠳᠡᠢ ᠪᠠᠷ ᠵᠠᠮ ᠨᠡᠬᠡᠬᠡᠨ ᠰᠢᠨ᠎ᠡ ᠶᠢ ᠡᠬᠦᠳᠴᠦ᠂ ᠲᠤᠮᠳᠠᠳᠤ ᠹᠷᠠᠨᠼᠢ ᠶᠢᠨ | ᠬᠠᠷᠢᠯᠴᠠᠭ᠎ᠠ ᠪᠠᠶᠢᠭᠤᠯᠤᠭᠰᠠᠠ 55 ᠵᠢᠯ ᠤᠨ ᠤᠢ ᠪᠠᠷ ᠠᠵᠠ ᠲᠤᠬᠢᠶᠠᠯ ᠪᠤᠯᠭᠠᠨ᠂ ᠨᠢᠬᠳᠠ ᠪᠦᠬᠡᠳ ᠦᠨᠢ | ᠤᠳᠠᠭᠠᠨ ᠤ ᠲᠤᠮᠳᠠᠳᠤ ᠹᠷᠠᠨᠼᠢ ᠶᠢᠨ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭᠠᠨ ᠤ | ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠬᠦᠯᠵᠥ᠂ ᠲᠡᠯᠡᠬᠡᠢ ᠶᠢᠨ ᠡᠩᠬᠡ ᠲᠠᠶᠢᠪᠤᠩ᠂ ᠲᠤᠭᠳᠠᠭᠤᠨ ᠪᠠ | ᠬᠦᠭᠵᠢᠯᠳᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠥᠨ᠎ᠡ ᠬᠡᠵᠥ ᠵᠢᠭᠠᠵᠥ ᠭᠠᠷᠭᠠᠪᠠ᠃ | ᠮᠠᠶᠢᠺᠷᠤᠨ ᠪᠠᠶᠠᠷ ᠤᠨ ᠴᠠᠬᠢᠯᠭᠠᠨ ᠴᠢᠮᠡᠭᠡ ᠳᠡᠭᠡᠨ᠂ 55 ᠵᠢᠯ ᠤᠨ ᠡᠮᠤᠨ᠎ᠡ ᠹᠷᠠᠨᠼᠢ ᠲᠤᠮᠳᠠᠳᠤ ᠬᠠᠷᠢᠯᠴᠠᠭ᠎ᠠ | ᠪᠠᠶᠢᠭᠤᠯᠤᠭᠰᠠᠠ ᠶᠠᠪᠤᠳᠠᠯ ᠪᠤᠯ ᠹᠷᠠᠨᠼᠢ ᠲᠤᠮᠳᠠᠳᠤ ᠬᠤᠶᠠᠷ ᠤᠯᠤᠰ ᠤᠨ ᠪᠡᠶ᠎ᠡ ᠪᠠᠨ ᠲᠠᠭᠠᠭᠠᠨ ᠡᠵᠡᠨ ᠮᠡᠳᠡᠬᠦ ᠵᠤᠷᠢᠭ | ᠰᠠᠨᠠᠭᠠᠨ ᠤ ᠪᠡᠯᠬᠡ ᠲᠡᠮᠳᠡᠭ ᠪᠤᠯᠤᠨ᠎ᠠ᠃ ᠤᠳᠤᠠᠬᠨ ᠳᠤ ᠲᠡᠯᠡᠬᠡᠢ ᠶᠢᠨ ᠪᠠᠶᠢᠳᠠᠯ ᠲᠤᠭᠳᠠᠪᠤᠷᠢ ᠦᠬᠡᠢ ᠪᠠᠶᠢᠨ᠎ᠠ᠃ | ᠹᠷᠠᠨᠼᠢ ᠲᠤᠮᠳᠠᠳᠤ ᠬᠤᠶᠠᠷ ᠤᠯᠤᠰ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠠᠶᠤᠯ ᠦᠬᠡᠢ ᠶᠢᠨ | ᠵᠦᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠪᠤᠯᠤᠭᠰᠠᠠ ᠤ ᠬᠤᠪᠢ ᠳᠤ᠂ ᠬᠠᠷᠢᠯᠴᠠᠨ ᠬᠦᠨᠳᠦᠳᠬᠡᠬᠦ᠂ | ᠲᠦᠷᠢᠮ ᠲᠤᠭᠳᠠᠭᠠᠯ ᠢᠶᠠᠷ ᠰᠠᠭᠤᠷᠢ ᠪᠤᠯᠭᠠᠭᠰᠠᠠ ᠤᠯᠠᠨ ᠲᠠᠯᠠᠳᠤ ᠦᠵᠡᠯ ᠤᠨ ᠤᠯᠠᠨ ᠤᠯᠤᠰ ᠤᠨ ᠡᠮᠬᠢ ᠲᠢᠭᠯᠢᠮ ᠢ | ᠬᠠᠮᠠᠭᠠᠯᠠᠬᠤ ᠲᠠᠯ᠎ᠠ ᠪᠠᠷ ᠤᠨᠴᠠᠭᠠᠢ ᠦᠢᠯᠡᠳᠦᠯ ᠦᠵᠡᠬᠦᠯᠵᠥ ᠪᠠᠶᠢᠨ᠎ᠠ᠃ ᠪᠢ ᠹᠷᠠᠨᠼᠢ ᠲᠤᠮᠳᠠᠳᠤ ᠶᠢᠨ ᠨᠦᠬᠦᠷᠯᠡᠯ | ᠪᠤᠯᠤᠨ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠲᠡᠬᠡᠳᠤ ᠬᠡᠮᠵᠢᠶ᠎ᠡ ᠪᠠᠷ | ᠴᠢᠬᠤᠯᠠᠴᠢᠯᠠᠵᠤ᠂ ᠲᠤᠷᠠᠳᠠᠶ᠎ᠠ ᠲᠡᠷᠢᠬᠦᠯᠡᠭᠴᠢ ᠠᠪᠤᠭᠠᠢ ᠲᠠᠢ ᠭᠠᠷ ᠬᠤᠯᠪᠤᠵᠥ ᠪᠠᠶᠢᠭᠠᠳ ᠬᠤᠶᠠᠷ ᠤᠯᠤᠰ ᠤᠨ | ᠴᠦᠮ᠎ᠡ ᠶᠢᠨ ᠡᠨᠧᠷᠬᠢ᠂ ᠠᠭᠠᠷ ᠤᠨ ᠠᠶᠠᠯᠠᠯ᠂ ᠬᠦᠳᠡᠭᠡ ᠠᠵᠥ ᠠᠬᠤᠢ ᠢᠳᠡᠬᠡᠨ ᠤ ᠵᠦᠢᠯᠡᠰ᠂ ᠠᠵᠥ ᠠᠬᠤᠢ | ᠠᠷᠠᠯᠵᠢᠶ᠎ᠠ ᠵᠡᠷᠬᠡ ᠡᠯ᠎ᠡ ᠬᠦᠷᠢᠶᠡᠨ ᠤ ᠬᠠᠮᠳᠤᠷᠠᠯᠴᠠᠭ᠎ᠠ ᠶᠢ ᠠᠬᠢᠭᠤᠯᠵᠥ᠂ ᠬᠤᠶᠠᠷ ᠲᠠᠯ᠎ᠠ ᠶᠢᠨ ᠰᠤᠶᠤᠯ | ᠢᠷᠬᠡᠨᠰᠢᠯ ᠤᠨ ᠰᠤᠯᠢᠯᠴᠠᠭ᠎ᠠ ᠶᠢ ᠨᠢᠬᠳᠠᠷᠠᠭᠤᠯᠤᠨ᠂ ᠠᠭᠤᠷ ᠠᠮᠢᠰᠬᠤᠯ ᠤᠨ ᠬᠤᠪᠢᠷᠡᠯᠳᠡ ᠵᠡᠷᠬᠡ ᠪᠦᠬᠦ | ᠪᠦᠮᠪᠦᠷᠴᠡᠭ ᠤᠨ ᠠᠰᠠᠭᠤᠳᠠᠯ ᠤᠨ ᠲᠠᠯ᠎ᠠ ᠪᠠᠷ ᠬᠢ ᠬᠠᠮᠳᠤᠷᠠᠯᠴᠠᠭ᠎ᠠ ᠪᠠᠨ ᠴᠢᠩᠭᠠᠳᠬᠠᠵᠥ᠂ ᠹᠷᠠᠨᠼᠢ ᠲᠤᠮᠳᠠᠳᠤ ᠶᠢᠨ | ᠬᠠᠷᠢᠯᠴᠠᠭ᠎ᠠ ᠶᠢᠨ ᠰᠢᠨ᠎ᠡ ᠨᠢᠬᠡ ᠵᠢᠯ ᠳᠤ ᠨᠡᠩ ᠶᠡᠭᠡ ᠬᠦᠭᠵᠢᠯᠳᠡ ᠲᠠᠢ ᠪᠤᠯᠵᠥ᠂ ᠬᠤᠶᠠᠷ ᠤᠯᠤᠰ ᠤᠨ ᠠᠷᠠᠳ | ᠲᠦᠮᠡᠨ ᠳᠤ ᠪᠤᠶᠠᠨ ᠦᠢᠯᠡᠳᠬᠦ ᠶᠢ ᠠᠬᠢᠭᠤᠯᠤᠨ᠎ᠠ ᠬᠡᠵᠥ ᠢᠯᠡᠳᠬᠡᠪᠡ᠃ | |