ᠪᠦᠬᠦ ᠬᠤᠳᠠ ᠶᠢᠨ ᠠᠶᠤᠯᠬᠦᠢ ᠤᠢᠢᠯᠡᠳᠪᠤᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-31
     ᠳᠦᠷᠦᠬᠦᠭᠡᠨ᠂ ᠪᠦᠬᠦ ᠬᠤᠳᠠ ᠶᠢᠨ ᠠᠶᠤᠯᠬᠦᠢ ᠤᠢᠢᠯᠡᠳᠪᠤᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠬᠤᠷᠠᠯ ᠳᠡᠭᠡᠷ᠎ᠠ ᠰᠢ ᠶᠢᠨ ᠫᠢᠩ ᠶᠡᠷᠦᠩᠭᠡᠢ ᠱᠦᠵᠢ ᠶᠢᠨ ᠠᠶᠤᠯᠬᠦᠢ ᠤᠢᠢᠯᠡᠳᠪᠤᠷᠢᠯᠡᠯ ᠤᠨ ᠠᠵᠢᠯ ᠤᠨ ᠳᠤᠬᠠᠢ ᠴᠢᠬᠤᠯᠠ ᠦᠬᠦᠯᠡᠯᠲᠠ ᠪᠤᠯᠤᠨ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠪᠦᠬᠦ ᠤᠯᠤᠰ᠂ ᠪᠦᠬᠦ ᠤᠷᠤᠨ ᠤ ᠠᠶᠤᠯᠬᠦᠢ ᠤᠢᠢᠯᠡᠳᠪᠤᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2018 ᠤᠨ ᠤ ᠪᠦᠬᠦ ᠬᠤᠳᠠ ᠶᠢᠨ ᠠᠶᠤᠯᠬᠦᠢ ᠤᠢᠢᠯᠡᠳᠪᠤᠷᠢᠯᠡᠯ ᠤᠨ ᠠᠵᠢᠯ ᠢ ᠳ᠋ᠦᠡᠭᠨᠡᠨ᠂ 2019 ᠤᠨ ᠤ ᠭᠤᠤᠯᠳᠠᠯᠭ᠎ᠠ ᠲᠠᠢ ᠠᠵᠢᠯ ᠤᠨ ᠡᠬᠦᠷᠭᠡ ᠶᠢ ᠪᠠᠶᠢᠷᠢᠯᠠᠭᠤᠯᠤᠨ ᠳᠤᠬᠢᠷᠠᠭᠤᠯᠵᠤ᠂ ᠵᠢᠯ ᠤᠨ ᠰᠡᠬᠦᠯᠴᠢ ᠴᠠᠭᠠᠨ ᠰᠠᠷ᠎ᠠ ᠪᠠ ᠪᠦᠬᠦ ᠤᠷᠤᠨ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠬᠦᠢ ᠤᠢᠢᠯᠡᠳᠪᠤᠷᠢᠯᠡᠯ ᠤᠨ ᠠᠵᠢᠯ ᠳᠤ ᠳᠤᠰᠬᠠᠢ ᠳᠤᠬᠢᠷᠠᠭᠤᠯᠤᠯᠳᠠ ᠬᠢᠭᠰᠡᠨ ᠪᠠᠶᠢᠨ᠎ᠠ᠃          ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠤᠷᠤᠯᠠᠬᠴᠢ ᠳᠠᠷᠤᠭ᠎ᠠ ᠰᠡᠴᠡᠨᠪᠢᠯᠢᠭ ᠬᠤᠷᠠᠯ ᠳᠤ ᠤᠷᠤᠯᠴᠠᠨ ᠶᠠᠷᠢᠶ᠎ᠠ ᠳᠠᠯᠪᠢᠪᠠ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠬᠤᠳᠠ ᠶᠢᠨ ᠳᠡᠳ᠋ ᠳᠠᠷᠤᠭ᠎ᠠ ᠶᠢᠨ ᠡᠤ ᠬᠤᠷᠠᠯ ᠢ ᠡᠷᠬᠢᠯᠡᠵᠡᠢ᠃          ᠰᠡᠴᠡᠨᠪᠢᠯᠢᠭ ᠱᠠᠭᠠᠷᠳᠠᠬᠤ ᠳᠠᠭᠠᠨ᠂ ᠠᠶᠤᠯᠬᠦᠢ ᠶᠢᠨ ᠠᠷᠬᠠᠭ ᠭᠡᠮ ᠢ ᠴᠡᠪᠡᠷᠯᠡᠨ ᠪᠠᠶᠢᠴᠠᠭᠠᠬᠤ᠂ ᠳᠤᠰᠬᠠᠢ ᠵᠠᠰᠠᠨ ᠴᠡᠭᠴᠡᠯᠡᠬᠦ᠂ ᠬᠢᠨᠠᠨ ᠬᠠᠮᠢᠶᠠᠷᠴᠤ ᠬᠠᠤᠯᠢ ᠭᠡᠷᠡᠭᠵᠢᠬᠦᠯᠬᠦ᠂ ᠪᠠᠴᠢᠮ ᠪᠠᠶᠢᠳᠠᠯ ᠢ ᠰᠢᠢᠳᠪᠦᠷᠢᠯᠡᠨ ᠠᠪᠤᠷᠠᠵᠤ ᠳᠤᠰᠠᠯᠠᠬᠤ ᠪᠠ ᠤᠬᠠᠭᠤᠯᠭ᠎ᠠ ᠬᠦᠮᠤᠵᠢᠯ ᠬᠢᠬᠦ ︽ᠳᠠᠪᠤ ᠶᠢ ᠪᠠᠶᠢᠡᠭᠭᠤᠵᠢᠭᠤᠯᠬᠤ︾ ᠪᠤᠳᠠᠳᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠢᠯᠠᠩᠭᠤᠶ᠎ᠠ ᠨᠡᠬᠦᠷᠡᠰᠤᠨ ᠠᠭᠤᠷᠬᠠᠢ ᠪᠠ ᠵᠠᠮ ᠳᠡᠭᠡᠭᠡᠪᠤᠷᠢ ᠶᠢᠨ ᠬᠦᠷᠢᠶ᠎ᠠ ᠴᠠᠷᠠᠭ᠎ᠠ ᠵᠢᠴᠢ ᠴᠠᠭᠠᠨ ᠰᠠᠷ᠎ᠠ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠬᠦᠮᠤᠨ ᠤᠯᠠᠨ ᠴᠤᠬᠯᠠᠷᠠᠬᠰᠠᠨ ᠳᠠᠯᠠᠪᠤᠷ ᠤᠨ ᠳᠤᠭᠤᠷᠢᠨ ᠳᠤ᠂ ᠠᠶᠤᠯᠬᠦᠢ ᠶᠢᠨ ᠠᠷᠬᠠᠭ ᠭᠡᠮ ᠢ ᠴᠡᠪᠡᠷᠯᠡᠨ ᠪᠠᠶᠢᠴᠠᠭᠠᠬᠤ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠦᠷᠨᠢᠬᠦᠯᠵᠤ᠂ ᠠᠰᠠᠭᠤᠳᠠᠯ ᠢ ᠡᠷᠳᠡ ᠢᠯᠡᠷᠡᠬᠦᠯᠤᠨ᠂ ᠡᠷᠳᠡ ᠠᠴᠠ ᠪᠠᠶᠢᠷᠢᠯᠠᠭᠤᠯᠤᠨ ᠵᠠᠰᠠᠨ ᠴᠡᠭᠴᠡᠯᠡᠵᠤ᠂ ᠴᠢᠩᠭ᠎ᠠ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠤᠨ᠂ ᠨᠡᠯᠢᠶᠡᠳ ᠶᠡᠭᠡ ᠵᠢᠴᠢ ᠶᠡᠭᠡ ᠭᠡᠷᠡᠭ ᠡ᠊ᠨᠳᠡᠯ ᠡᠬᠦᠰᠬᠦ ᠶᠢ ᠴᠢᠩᠭ᠎ᠠ ᠰᠡᠷᠭᠡᠶᠢᠯᠡᠨ ᠬᠤᠷᠢᠬᠯᠠᠬᠤ ᠭᠡᠷᠡᠭᠳᠡᠢ ᠭᠡᠵᠡᠢ᠃          ᠰᠡᠴᠡᠨᠪᠢᠯᠢᠭ ᠴᠢᠬᠤᠯᠠᠴᠢᠯᠠᠬᠤ ᠳᠠᠭᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠳᠠᠰᠤᠷᠠᠯᠳᠠ ᠦᠭᠡᠢ  ᠴᠢᠩᠭᠠᠳᠬᠠᠨ᠂ ︽ᠭᠤᠷᠪᠠᠨ ᠡᠷᠭᠡᠪᠰᠢ︾ ᠶᠢᠨ ᠱᠠᠭᠠᠷᠳᠠᠯᠭ᠎ᠠ ᠶᠤᠰᠤᠭᠠᠷ ︽ᠭᠤᠷᠪᠠᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠭᠡᠷᠡᠭᠳᠡᠢ᠃ ᠡᠯ᠎ᠠ ᠱᠠᠳᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠨᠢ ︽ᠨᠢᠭᠡᠳᠤᠭᠡᠷ  ᠬᠠᠷᠢᠭᠤᠴᠠᠯᠭ᠎ᠠ ᠲᠠᠢ ᠬᠦᠮᠤᠨ︾ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠬᠦᠢ ᠤᠢᠢᠯᠡᠳᠪᠤᠷᠢᠯᠡᠯ ᠤᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠪᠤᠳᠠᠳᠠᠶᠢᠵᠢᠭᠤᠯᠬᠤ ᠭᠡᠷᠡᠭᠳᠡᠢ᠃ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠠᠶᠤᠯᠬᠦᠢ ᠤᠢᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠶᠢ ᠳᠠᠰᠤᠷᠠᠯᠳᠠ ᠦᠭᠡᠢ ᠴᠢᠩᠭᠠᠳᠬᠠᠬᠤ ᠭᠡᠷᠡᠭᠳᠡᠢ᠃ ᠠᠵᠤ ᠠᠬᠤᠢᠢᠯᠠᠯ ᠨᠢ ᠠᠶᠤᠯᠬᠦᠢ ᠤᠢᠢᠯᠡᠳᠪᠤᠷᠢᠯᠡᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠢᠢᠯᠠᠯ ᠤᠨ ᠳᠤᠳᠤᠭᠠᠳᠤ ᠳᠠᠬᠢ ᠠᠶᠤᠯᠬᠦᠢ ᠶᠢᠨ ᠬᠠᠷᠢᠭᠤᠴᠠᠯᠭ᠎ᠠ ᠶᠢᠨ ᠳᠤᠬᠳᠠᠯᠴᠠᠭ᠎ᠠ ᠶᠢ ᠳᠡᠬᠦᠯᠳᠡᠷᠵᠢᠬᠦᠯᠵᠤ᠂ ᠠᠵᠢᠯᠳᠠᠳ ᠤᠨ ᠠᠶᠤᠯᠬᠦᠢ ᠶᠢᠨ ᠳᠤᠬᠠᠢ ᠬᠦᠮᠤᠵᠢᠯ ᠪᠤᠯᠪᠠᠰᠤᠷᠠᠯ ᠢ ᠴᠢᠩᠭᠠᠳᠬᠠᠬᠤ ᠭᠡᠷᠡᠭᠳᠡᠢ᠃ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠵᠤ᠂ ᠠᠶᠤᠯᠬᠦᠢ ᠶᠢᠨ ᠬᠠᠷᠢᠭᠤᠴᠠᠯᠭ᠎ᠠ ᠤᠷᠤᠨᠵᠢᠵᠤ ᠳᠡᠶᠢᠯᠦᠭᠰᠡᠨ ᠦᠭᠡᠢ ᠪᠠᠶᠢᠭᠤᠯᠭ᠎ᠠ ᠨᠢᠭᠡᠴᠢ ᠪᠠ ᠬᠤᠪᠢ ᠬᠦᠮᠤᠨ ᠠᠴᠠ ᠬᠤᠯᠪᠤᠬᠳᠠᠯ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠬᠦ ᠭᠡᠷᠡᠭᠳᠡᠢ ᠭᠡᠵᠡᠢ᠃          ᠬᠤᠷᠠᠯ ᠳᠡᠭᠡᠷ᠎ᠠ᠂ 2018 ᠤᠨ ᠤ ᠪᠦᠬᠦ ᠬᠤᠳᠠ ᠶᠢᠨ ᠠᠶᠤᠯᠬᠦᠢ ᠤᠢᠢᠯᠡᠳᠪᠤᠷᠢᠯᠡᠯ ᠤᠨ ᠠᠵᠢᠯ ᠤᠨ ᠪᠠᠶᠢᠳᠠᠯ ᠢ ᠨᠡᠶᠢᠳᠡᠯᠡᠵᠤ᠂ 2019 ᠤᠨ ᠤ ᠪᠦᠬᠦ ᠬᠤᠳᠠ ᠶᠢᠨ ᠠᠶᠤᠯᠬᠦᠢ ᠤᠢᠢᠯᠡᠳᠪᠤᠷᠢᠯᠡᠯ ᠤᠨ ᠠᠵᠢᠯ ᠳᠤ ᠪᠤᠳᠠᠳᠠᠢ ᠳᠤᠬᠢᠷᠠᠭᠤᠯᠤᠯᠳᠠ ᠬᠢᠪᠡ᠃
     ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠠᠴᠠᠩᠭᠡᠯ᠂ ᠪᠠᠶᠠᠠᠴᠢᠮᠡᠭ᠂ ᠯᠢ ᠬᠤᠩ ᠯᠢᠶᠠᠩ᠂ ᠸᠠᠩ ᠭᠠᠩ ᠪᠤᠯᠤᠨ ᠬᠤᠰᠢᠭᠤ ᠠᠶᠤᠯᠭᠦᠢ ᠶᠢᠨ ᠵᠥᠪᠯᠠᠯ ᠤᠨ ᠪᠥᠷᠢᠯᠳᠤᠭᠦᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠶᠤᠯᠭᠦᠢ ᠥᠢᠯᠡᠳᠪᠤᠷᠢᠯᠠᠯ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号