1 ᠰᠠᠷ᠎ᠠ ᠶᠢᠨ 1 ᠤ ᠡᠳᠦᠷ᠂ ᠭᠠᠯᠠᠭᠤᠳᠤ ᠪᠠᠯᠭᠠᠰᠤᠨ ᠤ ᠲᠤᠯᠠᠭᠠᠨ ᠰᠠᠭᠤᠭᠠᠯᠢ ᠠᠷᠠᠳ ᠤᠨ ᠲᠤᠭᠤᠷᠢᠭ | ᠰᠢᠨ᠎ᠡ ᠤᠨ ᠢᠶᠠᠨ ᠤᠭᠲᠤᠬᠤ ᠠᠵᠢᠯᠯᠠᠭ᠎ᠠ ᠶᠢ ᠵᠤᠭᠢᠶᠠᠨ ᠪᠠᠶᠢᠭᠤᠯᠤᠨ ᠥᠷᠨᠢᠭᠦᠯᠵᠤ ᠦᠪᠡᠷᠰᠡᠳ ᠢᠶᠠᠨ ᠳᠠᠭᠤᠤ᠂ | ᠪᠦᠵᠢᠭ᠂ ᠠᠷᠠᠳ ᠤᠨ ᠨᠠᠶᠢᠷ᠂ ᠬᠤᠪᠴᠠᠰᠤᠨ ᠤ ᠦᠵᠡᠭᠦᠯᠤᠯᠭᠡ ᠵᠡᠷᠭᠡ ᠠᠷᠪᠠᠭᠠᠳ ᠲᠤᠭᠯᠠᠯᠲᠠ ᠪᠡᠯᠡᠳᠭᠡᠵᠦ ᠠᠶᠢᠯ | ᠰᠠᠭᠠᠬᠠᠯᠲᠠ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢᠨ ᠭᠠᠵᠠᠷ ᠤᠨ ᠭᠥᠮᠤᠰ ᠲᠤ | ᠳᠡᠪᠰᠢᠭᠦᠯᠤᠨ ᠲᠠᠳᠠᠨ ᠤ ᠬᠠᠷᠠᠭ᠎ᠠ ᠰᠤᠨᠤᠷ ᠢ ᠨᠢ ᠮᠢᠯᠢᠶᠠᠵᠤ ᠰᠤᠶᠤᠯ ᠤᠨ ᠠᠮᠢᠳᠤᠷᠠᠯ ᠢ ᠨᠢ ᠪᠠᠶᠠᠯᠢᠭᠵᠢᠭᠤᠯᠤᠭᠰᠠᠨ | ᠪᠠᠶᠢᠨ᠎ᠠ᠃ | ᠭᠠᠯᠠᠭᠤᠲᠤ ᠪᠠᠯᠭᠠᠰᠤᠨ ᠤ ᠳᠤᠯᠠᠭᠠᠨ ᠰᠠᠭᠤᠭᠠᠯᠢ ᠠᠷᠠᠳ ᠤᠨ ᠲᠤᠭᠤᠷᠢᠭ ᠪᠤᠯ ᠨᠠᠮ ᠵᠠᠰᠠᠭ ᠠᠴᠠ | ᠬᠤᠲᠠ ᠶᠢᠨ ᠳᠤᠤᠷ᠎ᠠ ᠪᠠᠲᠤᠯᠠᠭᠠᠲᠤ ᠡᠷᠦᠬᠡ᠂ ᠰᠢᠨ᠎ᠡ ᠪᠠᠷ ᠠᠵᠢᠯ ᠤᠯᠤᠭᠰᠠᠨ ᠭᠠᠭᠴᠠ ᠪᠡᠶ᠎ᠠ ᠭᠥᠮᠤᠰ᠂ ᠡᠮᠨᠡᠯᠭᠡ | ᠵᠢᠭᠠᠨ ᠰᠤᠷᠭᠠᠯᠲᠠ ᠵᠡᠷᠭᠡ ᠶᠢᠨ ᠦᠢᠯᠡᠰ ᠲᠤ ᠤᠷᠢᠵᠦ ᠬᠡᠷᠡᠭᠯᠡᠭᠰᠡᠨ ᠬᠦᠮᠦᠰ ᠵᠢᠴᠢ ᠠᠵᠢᠯ ᠠᠴᠠ ᠪᠠᠨ ᠠᠮᠠᠷᠠᠭᠰᠠᠳ | ᠂ ᠭᠡᠷ ᠪᠠᠶᠢᠰᠢᠩ ᠬᠤᠳᠠᠯᠳᠤᠨ ᠠᠪᠬᠤ ᠳᠤ ᠭᠥᠴᠢᠷᠳᠠᠢ ᠬᠦᠮᠦᠰ ᠲᠤ ᠬᠢᠮᠳᠠ ᠦᠨ᠎ᠡ ᠪᠠᠷ ᠲᠦᠷᠢᠶᠡᠰᠦᠯᠡᠨ ᠦᠭᠬᠦ | ᠬᠡᠯᠪᠡᠷᠢ ᠪᠠᠷ ᠬᠠᠷᠠᠭᠠᠯᠵᠠᠯ ᠥᠵᠠᠭᠦᠯᠬᠦ ᠪᠠᠷ ᠲᠤᠭᠢᠷᠠᠭᠤᠯᠤᠭᠰᠠᠨ ᠰᠠᠭᠤᠭᠠᠯᠢ ᠠᠷᠠᠳ ᠤᠨ ᠲᠤᠭᠤᠷᠢᠭ ᠪᠤᠯᠤᠨ᠎ᠠ᠃ | ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠲᠤᠭᠤᠷᠢᠭ ᠤᠨ ᠬᠦᠮᠦᠰ ᠤᠨ ᠲᠠᠭᠠᠯᠠᠮᠵᠢᠳᠠᠢ | ᠤᠷᠴᠢᠨ ᠳᠤ ᠵᠤᠯ ᠵᠢᠷᠭᠠᠯᠲᠤ ᠠᠮᠢᠳᠤᠷᠠᠯ ᠢᠶᠠᠨ ᠡᠳ᠋ᠯᠠᠵᠤ ᠰᠡᠳᠭᠢᠯ ᠬᠠᠨᠤᠮᠵᠢᠲᠠᠢ ᠪᠠᠶᠠᠷ ᠪᠠᠶᠠᠰᠤᠯ ᠲᠠᠢ ᠪᠠᠶᠢᠬᠤ ᠶᠢ | ᠢᠯᠡᠷᠡᠭᠦᠯᠵᠦ᠂ ᠠᠶᠢᠯ ᠠᠶᠢᠮᠠᠭ ᠤᠨ ᠬᠤᠭᠤᠷᠤᠨᠳᠡᠬᠢ ᠪᠦᠯᠬᠦᠮᠳᠡᠯ ᠨᠢᠭᠲᠠᠷᠠᠯ ᠢ ᠤᠯᠠᠮ ᠨᠢᠭᠡ ᠠᠯᠬᠤᠮ | ᠴᠢᠩᠭᠠᠳᠬᠠᠵᠤ ᠴᠢᠳᠠᠭᠰᠠᠨ ᠪᠠᠶᠢᠨ᠎ᠠ᠃ |