ᠦᠨᠲᠦᠰᠦᠨ ᠱᠠᠲᠤᠨ ᠤ ᠠᠷᠠᠳ ᠤᠨ ᠡᠶᠡᠳᠡᠭᠦᠯᠦᠭᠴᠢ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ | ᠠᠬᠢᠭᠤᠯᠵᠦ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢᠨ ᠬᠡᠪ ᠴᠢᠨᠠᠷ ᠢ ᠲᠡᠭᠡᠭᠰᠢᠯᠡᠭᠦᠯᠭᠦ ᠶᠢᠨ ᠲᠤᠰᠠᠲᠠ ᠮᠡᠨ ᠤ | ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠠᠴᠠ ︽ᠦᠤᠰᠢᠨ ᠬᠤᠰᠢᠭᠤᠨ ᠤ 2018 ᠤᠨ ᠤ ᠠᠷᠡᠳ ᠤᠨ | ᠡᠶᠡᠳᠡᠭᠦᠯᠦᠭᠴᠢ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠠᠩᠭᠢ︾ ᠶᠢ ᠡᠷᠬᠢᠯᠡᠨ ᠶᠠᠪᠤᠭᠳᠠᠭᠤᠯᠪᠠ᠃ | ᠲᠤᠰ ᠤᠲᠠᠭᠠᠨ ᠤ ᠪᠤᠯᠪᠠᠰᠤᠷᠠᠯ ᠳᠤ ᠰᠦᠯᠲᠡ ᠰᠤᠮᠤ᠂ ᠦᠤᠰᠢᠨᠵᠤᠥ ᠪᠠᠯᠭᠠᠰᠤ᠂ ᠭᠠᠯᠠᠭᠤᠲᠤ ᠪᠠᠯᠭᠠᠰᠤ ᠵᠡᠷᠭᠡ | ᠭᠠᠵᠠᠷ ᠢᠶᠠᠷ ᠭᠦᠷᠴᠦ ᠠᠷᠠᠳ ᠤᠨ ᠡᠶᠡᠳᠡᠭᠦᠯᠦᠭᠴᠢ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠠᠩᠭᠢ ᠶᠢ | ᠠᠮᠵᠢᠯᠲᠠᠲᠠᠢ ᠡᠷᠬᠢᠯᠡᠪᠠ᠃ | ᠪᠤᠯᠪᠠᠰᠤᠷᠠᠯ ᠤᠨ ᠠᠩᠭᠢ ᠳᠤ ᠦᠪᠦᠷ ᠮᠤᠩᠭᠤᠯ ᠤᠨ ᠾᠧ ᠶᠠᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ ᠸᠧᠨ ᠯᠤ᠋ ᠴᠢᠩ ᠠᠴᠠ ᠠᠷᠠᠳ ᠤᠨ ᠡᠶᠡᠳᠡᠭᠦᠯᠦᠭᠴᠢ ᠨᠠᠷ ᠲᠤ ︽ᠨᠤᠲᠤᠭ ᠪᠡᠯᠴᠢᠭᠡᠷ ᠤᠨ ᠬᠠᠤᠯᠢ | ᠴᠠᠭᠠᠵᠠ ᠶᠢᠨ ᠲᠦᠷᠢᠮ ᠲᠤᠭᠲᠠᠭᠠᠯ ᠤᠨ ᠶᠡᠷᠦ ᠶᠢᠨ ᠮᠡᠲᠡᠯᠭᠡ︾᠂ ︽ᠤᠷᠤᠭ ᠭᠡᠷ ᠪᠦᠯᠢ ᠶᠢᠨ ᠬᠠᠤᠯᠢ︾᠂ ︽ | ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠲᠤᠷᠠᠯ ᠤᠨ ᠲᠤᠮᠲᠠ ᠲᠤᠬᠢᠶᠠᠯᠲᠤᠭᠰᠠᠨ ᠡᠷᠡᠭᠦᠤ ᠶᠢᠨ ᠬᠠᠤᠯᠢ︾᠂ ︽ | ᠮᠠᠯᠴᠢᠨ ᠲᠠᠷᠢᠶᠠᠴᠢᠨ ᠤ ᠬᠤᠭᠤᠷᠤᠨᠲᠦᠬᠢ ᠵᠤᠭᠤᠰ ᠮᠦᠩᠭᠦᠨ ᠤ ᠵᠢᠬᠡᠯᠡᠯᠭᠡ︾ ᠵᠡᠷᠭᠡ ᠬᠠᠤᠯᠢ ᠴᠠᠭᠠᠵᠠ ᠶᠢᠨ | ᠶᠠᠷᠦ ᠶᠢᠨ ᠮᠡᠲᠡᠯᠭᠡ ᠶᠢ ᠲᠠᠶᠢᠯᠪᠤᠷᠢᠯᠠᠨ ᠶᠠᠷᠢᠬᠤ ᠪᠠᠷ ᠲᠠᠮᠵᠢᠭᠠᠳ ᠠᠷᠠᠳ ᠤᠨ ᠡᠶᠡᠳᠡᠭᠦᠯᠦᠭᠴᠢ ᠳᠤ ᠬᠠᠤᠯᠢ | ᠴᠠᠭᠠᠵᠠ ᠶᠢᠨ ᠮᠡᠲᠡᠯᠭᠡ ᠶᠢ ᠤᠯᠠᠮ ᠨᠢᠭᠡ ᠠᠯᠬᠤᠮ ᠲᠠᠨᠢᠭᠤᠯᠵᠦ ᠬᠠᠤᠯᠢ ᠵᠦᠷᠢᠴᠡᠬᠦ ᠠᠴᠠ ᠰᠡᠷᠭᠡᠶᠢᠯᠡᠬᠦ᠂ ᠬᠠᠤᠯᠢ | ᠶᠤᠰᠤᠭᠠᠷ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠲᠤᠬᠠᠢ ᠮᠡᠲᠡᠯᠭᠡ ᠶᠢ ᠦᠢᠯᠠᠭᠠᠭᠤᠯᠤᠨ ᠲᠠᠨᠢᠭᠤᠯᠵᠠᠢ᠃ | ᠮᠠᠯᠴᠢᠨ ᠲᠠᠷᠢᠶᠠᠴᠢᠨ ᠤ ᠬᠠᠤᠯᠢ ᠪᠠᠷ ᠵᠠᠰᠠᠬᠤ ᠦᠵᠡᠯᠲᠡ ᠲᠠᠨᠢᠯᠲᠠ ᠲᠤᠳᠠᠮᠠᠭ ᠠᠴᠠ ᠪᠤᠯᠵᠦ ᠬᠠᠤᠯᠢ ᠶᠢ ᠰᠠᠬᠢᠬᠤ᠂ | ᠬᠠᠤᠯᠢ ᠪᠠᠷ ᠰᠢᠢᠳᠪᠦᠷᠢᠯᠡᠬᠦ᠂ ᠬᠠᠤᠯᠢ ᠳᠤ ᠲᠦᠰᠢᠭᠯᠡᠬᠦ ᠤᠬᠠᠮᠰᠠᠷ ᠬᠦᠷᠦᠯᠴᠡᠬᠦ ᠦᠭᠡᠢ ᠵᠡᠷᠬᠡ ᠣᠷᠣᠰᠢᠵᠣ ᠪᠠᠶᠢᠭ᠎ᠠ | ᠪᠠᠶᠢᠳᠠᠯ ᠳᠤ ᠴᠢᠭᠯᠡᠭᠦᠯᠦᠨ ᠵᠦᠷᠢᠴᠡᠯ ᠮᠦᠷᠭᠦᠯᠲᠦᠭᠡᠨ ᠢ ᠰᠢᠢᠳᠪᠦᠷᠢᠯᠡᠬᠦ ᠳᠡᠭᠡᠨ ᠡᠷᠬᠡᠪᠰᠢ ᠬᠠᠤᠯᠢ ᠴᠠᠭᠠᠵᠠ ᠳᠤ | ᠲᠦᠰᠢᠭᠯᠡᠨ ᠬᠦᠴᠢᠷ ᠲᠤᠬᠢᠶᠠᠯᠲᠤᠪᠠᠯ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢ ᠡᠷᠢᠵᠦ ᠡᠷᠡᠭᠡᠯᠵᠡᠭᠡ ᠲᠠᠢ ᠪᠤᠯ ᠬᠠᠤᠯᠢ | ᠴᠠᠭᠠᠵᠠ ᠬᠡᠷᠡᠭᠵᠢᠭᠦᠯᠦᠭᠴᠢ ᠪᠤᠶᠤ ᠬᠠᠤᠯᠢᠴᠢ ᠠᠴᠠ ᠠᠰᠠᠭᠤᠵᠦ ᠯᠠᠪᠯᠠᠨ ᠬᠠᠤᠯᠢ ᠴᠠᠭᠠᠵᠠ ᠶᠢᠨ ᠭᠦᠴᠦᠨ ᠢ ᠬᠡᠷᠡᠭᠯᠡᠨ | ᠪᠤᠯᠪᠠᠰᠤᠨ ᠢᠶᠠᠷ ᠠᠰᠠᠭᠤᠲᠠᠯ ᠢ ᠰᠢᠢᠳᠪᠦᠷᠢᠯᠡᠬᠦ ᠬᠠᠮᠲᠤ ᠶᠢᠨ ᠲᠠᠨᠢᠯᠲᠠ ᠶᠢ ᠪᠤᠢ ᠪᠤᠯᠭᠠᠵᠦ ᠬᠠᠤᠯᠢ ᠰᠠᠬᠢᠭᠰᠠᠳ | ᠠᠰᠢᠭ ᠬᠦᠷᠲᠡᠨ ᠬᠠᠤᠯᠢ ᠵᠦᠷᠢᠴᠡᠭᠰᠡᠳ ᠲᠤ ᠰᠢᠢᠳᠬᠡᠯ ᠤᠯᠭᠤᠬᠤ ᠲᠠᠨᠢᠯᠲᠠ ᠤᠬᠠᠮᠰᠠᠷ ᠢ ᠪᠤᠢ ᠪᠤᠯᠭᠠᠭᠰᠠᠨ | ᠪᠠᠶᠢᠨ᠎ᠠ᠃ | ᠮᠡᠨ ᠤ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶᠠᠨ ᠤ ᠠᠵᠢᠯᠲᠠᠳ ᠠᠴᠠ ᠮᠠᠯᠴᠢᠳ ᠤᠨ ᠡᠲᠤᠷ | ᠲᠤᠲᠤᠮ ᠤᠨ ᠦᠢᠯᠡᠳᠪᠦᠷᠢᠯᠡᠯ ᠠᠮᠢᠲᠤᠷᠠᠯ ᠲᠤᠮᠲᠠ ᠳᠣᠬᠢᠶᠠᠯᠳᠣᠬᠤ ᠵᠦᠷᠢᠴᠡᠯ ᠮᠦᠷᠭᠦᠯᠲᠦᠭᠡᠨ ᠢ ᠬᠡᠷᠬᠢᠨ | ᠰᠢᠢᠳᠪᠦᠷᠢᠯᠡᠬᠦ ᠡᠶᠡᠳᠡᠬᠦᠯᠬᠦ ᠲᠤᠬᠠᠢ ᠵᠦᠪ ᠠᠷᠭ᠎ᠠ ᠵᠠᠮ ᠢ ᠵᠢᠭᠠᠨ ᠦᠭᠴᠦ ᠬᠠᠤᠯᠢ ᠪᠠᠷ ᠰᠢᠢᠳᠪᠦᠷᠢᠯᠡᠬᠦ᠂ ᠬᠠᠤᠯᠢ | ᠴᠠᠭᠠᠵᠠ ᠶᠢᠨ ᠵᠡᠪᠰᠡᠭ ᠢᠶᠠᠷ ᠠᠰᠢᠭ ᠲᠤᠰᠠ ᠪᠠᠨ ᠬᠠᠮᠠᠭᠠᠯᠠᠬᠤ ᠲᠤᠬᠠᠢ ᠵᠢᠯᠤᠭᠤᠲᠤᠯᠭ᠎ᠠ ᠬᠢᠬᠦ ᠶᠢᠨ ᠬᠠᠮᠲᠤ ᠦᠷᠭᠡᠨ | ᠤᠯᠠᠨ ᠠᠷᠠᠳ ᠤᠨ ᠡᠶᠡᠳᠡᠭᠦᠯᠦᠭᠴᠢᠳ ᠤᠨ ᠬᠠᠤᠯᠢ ᠴᠠᠭᠠᠵᠠ ᠶᠢᠨ ᠤᠬᠠᠮᠰᠠᠷ ᠢ ᠪᠠᠲᠤᠵᠢᠭᠤᠯᠤᠨ ᠬᠠᠤᠯᠢ | ᠴᠠᠭᠠᠵᠠ ᠶᠢᠨ ᠲᠦᠷᠢᠮ ᠲᠤᠭᠲᠠᠭᠠᠯ ᠢᠶᠠᠷ ᠲᠠᠭᠤᠷᠢᠶᠠᠯ ᠦᠢᠯᠡᠲᠦᠯ ᠦᠵᠡᠭᠦᠯᠵᠦ ᠴᠠᠭ ᠢᠮᠠᠭᠲᠠ ᠬᠠᠤᠯᠢ | ᠴᠠᠭᠠᠵᠠ ᠪᠠᠷ ᠪᠠᠷᠢᠮᠵᠢᠶ᠎ᠠ ᠪᠤᠯᠭᠠᠨ ᠬᠠᠤᠯᠢ ᠶᠤᠰᠤᠭᠠᠷ ᠡᠷᠬᠡ ᠪᠠᠨ ᠬᠡᠷᠡᠭᠵᠢᠭᠦᠯᠵᠦ ᠡᠷᠬᠡ ᠲᠡᠭᠰᠢ᠂ ᠢᠯᠡ ᠲᠤᠲᠤ᠂ | ᠯᠠᠪᠲᠠᠭᠤᠨ ᠪᠠᠲᠤᠲᠠᠢ᠂ ᠬᠠᠤᠯᠢ ᠪᠠᠷ ᠵᠠᠰᠠᠬᠤ ᠤᠷᠴᠢᠨ ᠲᠤᠭᠤᠷᠢᠨ ᠢ ᠪᠠᠶᠢᠭᠤᠯᠤᠨ ᠦᠷᠭᠡᠨ ᠤᠯᠠᠨ ᠮᠠᠯᠴᠢᠨ | ᠲᠠᠷᠢᠶᠠᠴᠢᠨ ᠳᠤ ᠬᠠᠤᠯᠢ ᠴᠠᠭᠠᠵᠠ ᠶᠢᠨ ᠪᠠᠲᠤᠯᠠᠭ᠎ᠠ ᠶᠢ ᠬᠠᠩᠭᠠᠭᠰᠠᠨ ᠪᠠᠶᠢᠨ᠎ᠠ᠃ |