ᠦᠢᠷ᠎ᠠ ᠶᠢᠨ ᠡᠳᠤᠷ᠂ ᠬᠤᠰᠢᠭᠤ ᠠᠷᠠᠳ ᠤᠨ ᠤᠳᠬ᠎ᠠ ᠤᠷᠠᠯᠢᠭᠴᠢᠳ ᠤᠨ ᠡᠪᠯᠡᠯ ᠤᠨ ᠬᠤᠶᠠᠳᠤᠭᠠᠷ | ᠤᠳᠠᠭᠠᠨ ᠤ ᠭᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠵᠤ ᠬᠤᠰᠢᠭᠤ ᠤᠯᠤᠰ ᠲᠦᠷᠦ ᠶᠢᠨ | ᠵᠦᠪᠯᠡᠯᠭᠡᠨ ᠤ ᠲᠡᠳ᠋ ᠲᠡᠷᠢᠭᠦᠯᠡᠭᠴᠢ ᠤᠶᠤᠨᠪᠢᠯᠢᠭ᠌᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠲᠡᠰ᠂ | ᠬᠤᠲᠠ ᠪᠤᠯᠤᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠵᠢᠴᠢ ᠠᠷᠠᠳ ᠤᠨ ᠤᠷᠠᠯᠢᠭᠴᠢᠳ ᠬᠤᠷᠠᠯ ᠳᠤ ᠤᠷᠤᠯᠴᠠᠪᠠ᠃ | ᠬᠤᠷᠠᠯ ᠳᠡᠭᠡᠷ᠎ᠡ ᠨᠢᠭᠡᠳᠦᠭᠡᠷ ᠬᠤᠭᠤᠴᠠᠭᠠᠨ ᠤ ᠠᠵᠢᠯ ᠤᠨ ᠳ᠋ᠦᠩᠨᠡᠯᠲᠡ ᠶᠢ ᠬᠢᠬᠦ ᠶᠢᠨ ᠬᠠᠮᠲᠤ ᠠᠷᠠᠳ ᠤᠨ | ᠤᠳᠬ᠎ᠠ ᠤᠷᠠᠯᠢᠭᠴᠢᠳ ᠤᠨ ᠡᠪᠯᠡᠯ ᠤᠨ ᠠᠷᠪᠠᠨ ᠰᠢᠯᠢᠳᠡᠭ ᠠᠷᠠᠳ ᠤᠨ ᠤᠳᠬ᠎ᠠ ᠤᠷᠠᠯᠢᠭᠴᠢᠨ ᠪᠠ ᠡᠪᠯᠡᠯ ᠢ | ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠭᠰᠡᠨ ᠲᠠᠪᠤᠨ ᠭᠡᠰᠢᠭᠦᠨ ᠢ ᠱᠠᠩᠨᠠᠨ ᠬᠦᠬᠢᠬᠦᠯᠬᠦ ᠶᠢᠨ ᠬᠠᠮᠲᠤ | ᠠᠷᠠᠳ ᠤᠨ ᠤᠳᠬ᠎ᠠ ᠤᠷᠠᠯᠢᠭᠴᠢᠳ ᠤᠨ ᠡᠪᠯᠡᠯ ᠤᠨ ᠬᠤᠶᠠᠳᠤᠭᠠᠷ ᠤᠳᠠᠭᠠᠨ ᠤ ᠭᠡᠰᠢᠭᠦᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠡᠷᠡᠭ ᠡᠷᠬᠢᠯᠡᠭᠴᠢᠳ ᠤᠨ ᠪᠦᠷᠢᠯᠳᠦᠭᠦᠨ ᠪᠤᠯᠤᠨ ᠲᠡᠷᠢᠭᠦᠯᠡᠭᠴᠢᠳ ᠤᠨ | ᠪᠦᠯᠬᠦᠮ ᠤᠨ ᠬᠡᠰᠢᠭᠦᠳ ᠢ ᠰᠤᠩᠭᠤᠭᠰᠠᠨ ᠪᠠᠶᠢᠨ᠎ᠠ᠃ | ᠦᠥᠰᠢᠨ ᠬᠤᠰᠢᠭᠤᠨ ᠤ ᠠᠷᠠᠳ ᠤᠨ ᠤᠳᠬ᠎ᠠ ᠤᠷᠠᠯᠢᠭᠴᠢᠳ ᠤᠨ ᠡᠪᠯᠡᠯ ᠨᠢ 2013 ᠤᠨ ᠳᠤ | ᠪᠠᠶᠢᠭᠤᠯᠤᠭᠳᠠᠵᠤ ᠤᠳᠤ ᠪᠣᠯᠬᠤ ᠳᠤ 120 ᠭᠠᠷᠤᠢ ᠭᠡᠰᠢᠭᠦᠨ ᠲᠠᠢ ᠪᠣᠯᠵᠣ ᠦᠥᠰᠢᠨ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠤᠭ᠎ᠠ ᠶᠢᠨ ᠬᠠᠷᠢᠶᠠᠲᠤ ᠡᠪᠯᠡᠯ ᠪᠤᠯᠤᠨ᠎ᠠ᠃ ᠦᠥᠰᠢᠨ ᠬᠤᠰᠢᠭᠤᠨ ᠤ ᠠᠷᠠᠳ ᠤᠨ | ᠤᠳᠬ᠎ᠠ ᠤᠷᠠᠯᠢᠭᠴᠢᠳ ᠤᠨ ᠡᠪᠯᠡᠯ ᠪᠠᠶᠢᠭᠤᠯᠤᠭᠳᠠᠭᠰᠠᠨ 5 ᠵᠢᠯ ᠤᠨ ᠲᠤᠷᠰᠢ ᠠᠷᠠᠳ ᠤᠨ ᠠᠮᠠᠨ ᠵᠤᠬᠢᠶᠠᠯ᠂ ᠭᠠᠷ | ᠤᠷᠠᠯᠠᠯ᠂ ᠤᠷᠠᠨ ᠵᠢᠷᠤᠭ᠂ ᠱᠤᠭᠤᠮᠠᠯ᠂ ᠰᠡᠶᠢᠯᠦᠮᠡᠯ᠂ ᠬᠠᠳᠬᠤᠮᠠᠯ ᠵᠡᠷᠭᠡ ᠤᠯᠠᠨ ᠲᠠᠯ᠎ᠠ ᠶᠢᠨ ᠰᠢᠨ᠎ᠡ ᠪᠦᠲᠦᠭᠡᠯ | ᠭᠠᠷᠭᠠᠵᠤ ᠠᠷᠠᠳ ᠤᠨ ᠤᠷᠠᠯᠢᠭ ᠢᠶᠠᠨ ᠤᠯᠠᠮᠵᠢᠯᠠᠨ ᠳᠡᠯᠭᠡᠷᠡᠬᠦᠯᠦᠭᠰᠡᠭᠡᠷ ᠢᠷᠡᠭᠰᠡᠨ ᠶᠤᠮ᠃ | ᠲᠤᠰ ᠤᠲᠠᠭᠠᠨ ᠤ ᠬᠤᠷᠠᠯ ᠲᠡᠭᠡᠷ᠎ᠡ ᠠᠷᠠᠳ ᠤᠨ ᠤᠷᠠᠯᠢᠭᠴᠢᠳ ᠠᠴᠠ ᠦᠪᠡᠷ ᠦᠪᠡᠷ ᠤᠨ ᠭᠠᠷ ᠤᠷᠠᠯᠠᠯ ᠤᠨ | ᠪᠦᠲᠦᠭᠡᠯ ᠢᠶᠠᠨ ᠠᠪᠴᠢᠷᠠᠵᠤ ᠲᠡᠯᠭᠡᠨ ᠦᠵᠡᠭᠦᠯᠵᠦ ᠤᠷ᠎ᠠ ᠮᠡᠷᠭᠡᠵᠢᠯ ᠢᠶᠠᠨ ᠬᠠᠷᠢᠯᠴᠠᠨ ᠰᠤᠯᠢᠯᠴᠠᠭᠰᠠᠨ ᠪᠠᠶᠢᠨ᠎ᠠ᠃ |