ᠬᠤᠰᠢᠭᠤ ᠠᠷᠠᠳ ᠤᠨ ᠵᠠᠰᠠᠭ ᠤᠨ ᠤᠷᠳᠤᠨ ᠤ 2018 ᠤᠨ ᠤ 9 ᠳ᠋ᠤᠭᠡᠷ ᠤᠳᠠᠭᠠᠨ ᠤ ᠪᠠᠶᠢᠩᠭᠤ  ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-04
     
     ᠤᠶᠢᠷ᠎ᠠ ᠶᠢᠨ ᠡᠳᠤᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠬᠤᠰᠢᠭᠤ ᠠᠷᠠᠳ ᠤᠨ ᠵᠠᠰᠠᠭ ᠤᠨ ᠤᠷᠳᠤᠨ ᠤ 2018 ᠤᠨ ᠤ 9 ᠳ᠋ᠤᠭᠡᠷ ᠤᠳᠠᠭᠠᠨ ᠤ ᠪᠠᠶᠢᠩᠭᠤ  ᠶᠢᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠬᠤᠰᠢᠭᠤ ᠲᠠᠳ᠋ ᠲᠠᠷᠤᠭ᠎ᠠ ᠴᠢᠶᠤᠤ ᠠᠢ ᠫᠢᠩ᠂ ᠵᠠᠩ ᡁᠢ ᠰᠢᠦ᠋ᠩ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠠᠴᠡᠩᠭᠡᠯ᠂ ᠪᠠᠶᠠᠠᠴᠢᠮᠡᠭ᠂ ᠯᠢ ᠬᠤᠩ ᠯᠢᠶᠠᠩ ᠬᠤᠷᠠᠯ ᠳᠤ ᠰᠠᠭᠠᠳᠠᠵᠤ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠯᠸᠢ ᠬᠠᠰ ᠤᠷᠢᠯᠭ᠎ᠠ ᠪᠠᠷ ᠬᠤᠷᠠᠯ ᠳᠤ ᠰᠤᠯᠠ ᠤᠷᠤᠯᠴᠠᠨ᠂ ᠬᠤᠰᠢᠭᠤ ᠵᠠᠰᠠᠭ  ᠤᠨ ᠤᠷᠳᠤᠨ ᠤ ᠠᠯᠪᠠᠨ ᠭᠡᠷ᠂ ᠭᠥᠭᠵᠢᠭᠦᠯᠥᠯᠳᠠ ᠥᠭᠡᠷᠡᠴᠢᠯᠠᠯᠳᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠤᠭ᠎ᠠ ᠪᠥᠷᠢᠳᠭᠡᠯ ᠤᠨ ᠲᠤᠪᠴᠢᠶ᠎ᠠ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠤᠯᠤᠨ ᠡᠯ᠎ᠠ ᠰᠤᠮᠤ ᠪᠠᠯᠭᠠᠰᠤᠨ ᠤ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠢᠶᠠᠷ᠂ ︽ᠥᠥᠰᠢᠨ ᠬᠤᠰᠢᠭᠤᠨ ᠤ ᠰᠤᠷᠭᠠᠨ ᠭᠥᠮᠤᠵᠢᠯ ᠤᠨ ᠦᠢᠯᠡᠰ ᠤᠨ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠭᠤᠷᠪᠠᠨ ᠵᠢᠯ ︵2018 — 2020︶ ᠤᠨ ᠪᠤᠭᠤᠮᠳᠠ ᠰᠢᠪᠳᠤᠯᠬᠤ ᠠᠵᠢᠯᠯᠠᠭᠠᠨ ᠤ ᠲᠥᠰᠥᠯ︾᠂ ︽ᠥᠥᠰᠢᠨ ᠬᠤᠰᠢᠭᠤᠨ ᠤ ᠲᠠᠪᠤᠰᠤᠨ ᠥᠢᠯᠡᠰ ︵ᠬᠢᠨᠠᠨ ᠬᠠᠮᠢᠶᠠᠷᠬᠤ︶ ᠤᠨ ᠪᠠᠶᠢᠭᠤᠯᠤᠮᠵᠢ ᠶᠢᠨ ᠥᠭᠡᠷᠡᠴᠢᠯᠠᠯᠳᠠ ᠶᠢᠨ ᠭᠡᠷᠡᠭᠵᠢᠭᠦᠯᠭᠦ ᠲᠥᠰᠥᠯ︾᠂ ︽ᠥᠥᠰᠢᠨ ᠬᠤᠰᠢᠭᠤᠨ ᠤ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠤᠯᠳᠠ ᠶᠢᠨ ᠵᠠᠷᠯᠠᠯ ᠤᠨ  ᠲᠥᠷ ᠭᠡᠷᠡᠭᠵᠢᠭᠦᠯᠭᠦ ᠠᠷᠭ᠎ᠠ︾᠂ ︽ᠥᠥᠰᠢᠨ ᠬᠤᠰᠢᠭᠤᠨ ᠤ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠭᠦ ᠪᠥᠭᠦ ᠶᠠᠪᠤᠴᠠ ᠶᠢ ᠲᠠᠮᠳᠡᠭᠯᠠᠭᠦ ᠠᠵᠢᠯ ᠤᠨ ᠲᠥᠷ ᠭᠡᠷᠡᠭᠵᠢᠭᠦᠯᠭᠦ ᠲᠤᠭᠳᠠᠭᠠᠯ︾ ︽ᠥᠥᠰᠢᠨ ᠬᠤᠰᠢᠭᠤᠨ ᠤ ᠴᠢᠬᠤᠯᠠ ᠶᠡᠭᠡ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠦᠯᠲᠡ ᠶᠢᠨ ᠰᠢᠢᠳᠪᠤᠷᠢ ᠶᠢᠨ ᠬᠠᠤᠯᠢ ᠲᠥᠷᠢᠮ ᠤᠨ ᠭᠢᠨᠠᠨ ᠬᠠᠷᠭᠤᠭᠤᠯᠤᠯᠲᠠ ᠶᠢᠨ ᠠᠵᠢᠯ ᠤᠨ ᠲᠥᠷ ᠭᠡᠷᠡᠭᠵᠢᠭᠦᠯᠭᠦ ᠠᠷᠭ᠎ᠠ︾ ︽ᠬᠤᠰᠢᠭᠤ ᠠᠷᠠᠳ ᠤᠨ ᠵᠠᠰᠠᠭ ᠤᠨ ᠤᠷᠳᠤᠨ ᠤ ᠴᠢᠬᠤᠯᠠ ᠶᠡᠭᠡ ᠬᠡᠷᠡᠭ ᠤᠴᠢᠷ ᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠮᠡᠳᠡᠭᠦᠯᠭᠦ ᠠᠵᠢᠯ  ᠤᠨ ᠲᠥᠷᠢᠮ︾᠂ ︽ᠥᠥᠰᠢᠨ ᠬᠤᠰᠢᠭᠤᠨ ᠤ ᠲᠤᠯᠤᠭᠠᠶᠢᠯᠠᠬᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠳ  ᠤᠨ ᠡᠷᠭᠡ ᠠᠰᠢᠭ ᠤᠨ ᠬᠤᠯᠪᠤᠭᠠᠳᠤ ᠲᠤᠭᠳᠠᠯᠴᠠᠭ᠎ᠠ ᠶᠢ ᠪᠠᠶᠢᠭᠤᠯᠤᠨ ᠲᠠᠭᠦᠯᠳᠡᠷᠵᠢᠭᠦᠯᠭᠦ ᠠᠵᠢᠯ ᠤᠨ ᠲᠤᠰᠬᠠᠢ ᠲᠥᠷᠥᠯ ᠤᠨ ᠲᠠᠳᠭᠦᠨ ᠲᠠᠮᠵᠢᠭᠦ ᠪᠡᠯᠡ ᠮᠥᠩᠭᠦ ᠶᠢᠨ ᠭᠡᠷᠡᠭᠵᠢᠭᠦᠯᠥᠯᠳᠠ ᠶᠢᠨ ᠨᠠᠷᠢᠨ ᠲᠥᠷᠢᠮ︾᠂ ︽ᠥᠥᠰᠢᠨ ᠬᠤᠰᠢᠭᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠵᠠᠬ᠎ᠠ ᠲᠡᠯᠭᠡᠭᠦᠷ ᠤᠨ ᠳᠦᠷᠢᠮᠵᠢᠭᠦᠨ ᠪᠤᠰᠤ ᠠᠵᠢᠯᠯᠠᠭᠠᠨ ᠢ ᠲᠡᠮᠳᠡᠭᠯᠡᠭᠦ ᠪᠠ ᠨᠠᠶᠢᠳᠡᠯᠡᠭᠦ ᠠᠵᠢᠯ ᠤᠨ ᠲᠥᠷ ᠭᠡᠷᠡᠭᠵᠢᠭᠦᠯᠭᠦ ᠠᠷᠭ᠎ᠠ︾ ᠶᠢ ᠭᠢᠨᠠᠨ ᠪᠠᠳᠤᠯᠠᠵᠤ᠂ ᠬᠤᠰᠢᠭᠤᠨ ᠤ ᠤᠯᠤᠰ ᠤᠨ ᠥᠮᠴᠢᠯᠠᠯᠳᠤ ᠤᠢ ᠰᠢᠭᠤᠢ ᠶᠢᠨ ᠲᠠᠯᠠᠪᠠᠢ ᠥᠷᠳᠡᠭᠡ ᠶᠢᠨ ᠥᠭᠡᠷᠡᠴᠢᠯᠠᠯᠳᠠ ᠶᠢᠨ ᠠᠵᠢᠯ ᠲᠤᠮᠳᠠ ᠲᠠᠯᠠᠪᠠᠢ ᠥᠷᠳᠡᠭᠡᠨ ᠤ ᠠᠵᠢᠯᠳᠠᠳ ᠤᠨ ᠴᠠᠯᠢᠩ ᠮᠥᠩᠭᠦ ᠲᠠᠷᠬᠠᠭᠠᠬᠤ ᠪᠤᠯᠤᠨ ᠢᠯᠠᠭᠦᠳᠡᠯ ᠠᠵᠢᠯᠳᠠᠨ ᠢ ᠲᠤᠭᠢᠷᠠᠭᠤᠯᠬᠤ᠂ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ ᠤ 2019 ᠤᠨ ᠤ ᠵᠠᠰᠠᠭ ᠤᠨ ᠤᠷᠳᠤᠨ ᠤ ᠪᠡᠯᠡ ᠮᠥᠩᠭᠦᠨ ᠤ ᠲᠥᠷᠤᠯ ᠵᠥᠢᠯ ᠤᠨ ᠲᠥᠯᠥᠪᠯᠡᠭᠡ᠂ ᠰᠤᠪᠤᠷᠭ᠎ᠠ ᠠᠵᠤ ᠠᠬᠤᠢ ᠶᠢᠨ ᠨᠡᠭᠡᠭᠡᠯᠳᠠ  ᠶᠢᠨ ᠤᠷᠤᠨ ᠤ ᠭᠤᠤᠯ ᠲᠥᠯᠥᠪᠵᠢᠭᠦᠯᠭᠡ ᠶᠢᠨ ᠤᠷᠤᠨ ᠤ ᠭᠠᠳᠠᠨᠠᠭᠢ ᠠᠵᠤ ᠥᠢᠯᠡᠳᠪᠤᠷᠢ ᠶᠢᠨ ᠠᠵᠤ ᠠᠬᠤᠶᠢᠯᠠᠯ ᠪᠠ ᠨᠠᠭᠦᠷᠠᠰᠤᠨ ᠠᠭᠤᠷᠬᠠᠢ ᠶᠢᠨ ᠲᠥᠷᠥᠯ ᠵᠥᠢᠯ ᠢ ᠭᠥᠷᠢᠶᠠᠯᠠᠩ ᠲᠤᠭᠤᠷᠢᠭ ᠤᠨ ᠨᠢᠭᠡᠳᠤᠯᠳᠠᠢ ᠬᠠᠮᠢᠶᠠᠷᠤᠯᠳᠠ ᠳᠤ ᠤᠷᠤᠭᠤᠯᠬᠤ᠂ ᠦᠤᠰᠢᠨ ᠬᠤᠰᠢᠭᠤᠨ ᠤ ᠬᠤᠩ ᠹᠧᠩ ᠠᠮᠤ ᠪᠤᠳᠠᠭ᠎ᠠ ᠢᠳᠡᠰᠢᠨ ᠲᠤᠰᠤᠨ ᠤ ᠪᠤᠷᠤᠯᠠᠭᠤᠯᠭ᠎ᠠ ᠶᠢᠨ ᠬᠢᠵᠠᠭᠠᠷᠲᠤ ᠺᠤᠮᠫᠠᠨᠢ ᠳᠤ ᠭᠠᠵᠠᠷ ᠰᠢᠷᠤᠢ ᠪᠠᠷ ᠬᠤᠪᠢ ᠣᠷᠣᠬᠤ᠂ ᠥᠥᠰᠢᠨ ᠬᠤᠰᠢᠭᠤᠨ ᠤ ᠲᠤᠯᠢ ᠨᠥᠭᠡᠴᠠ ᠤᠰᠤᠨ ᠤ ᠡᠭᠢ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠢ ᠪᠠᠶᠢᠭᠤᠯᠬᠤ᠂ ᠨᠠᠶᠢᠳᠠ ᠶᠢᠨ ᠲᠥᠷᠢᠶᠠᠰᠤᠨ ᠭᠡᠷ  ᠤᠨ ᠢᠷᠡᠯᠲᠡ ᠶᠢ ᠬᠤᠷᠠᠮᠳᠤᠭᠤᠯᠬᠤ᠂ ᠬᠠᠶᠠᠭᠳᠠᠮᠠᠯ ᠡᠳ᠋ ᠢ ᠬᠤᠷᠢᠶᠠᠨ ᠠᠪᠬᠤ ᠥᠷᠳᠡᠭᠡ ᠶᠢ ᠰᠢᠨ᠎ᠠ ᠪᠠᠷ ᠪᠠᠶᠢᠭᠤᠯᠬᠤ᠂ ᠭᠠᠯᠠᠭᠤᠳᠤ ᠪᠠᠯᠭᠠᠰᠤᠨ ᠤ ᠴᠡᠪᠡᠷᠰᠢᠭᠦᠯᠦᠭᠰᠡᠨ ᠪᠤᠬᠢᠷ ᠤᠰᠤᠨ ᠬᠤᠭᠤᠯᠠᠢ ᠲᠤᠤᠷ ᠢ ᠰᠢᠨ᠎ᠠ ᠪᠠᠷ ᠪᠠᠶᠢᠭᠤᠯᠬᠤ᠂  ᠶᠡᠷᠤᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠠᠴᠠ ᠭᠠᠯᠲᠤ ᠲᠡᠷᠭᠡᠨ ᠦᠷᠲᠡᠭᠡ ᠬᠦᠷᠬᠦ ᠵᠠᠯᠭᠠᠯᠲᠠ ᠵᠠᠮ ᠪᠤᠯᠤᠨ S313 ᠵᠠᠮ ᠢ ᠰᠤᠨᠳᠠᠯᠠᠭᠰᠠᠨ ᠵᠦᠷᠢᠯᠢᠭ ᠬᠦᠭᠦᠷᠭᠡ ᠶᠢᠨ ᠲᠦᠷᠦᠯ ᠵᠦᠢᠯ ᠦᠬᠡᠷᠡᠴᠢᠯᠡᠨ ᠪᠠᠶᠢᠭᠤᠯᠬᠤ᠂ ᠭᠠᠯᠠᠭᠤᠲᠤ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠠᠲᠠᠪᠤᠷᠢᠯᠠᠬᠤ᠂ ᠥᠥᠰᠢᠨᠵᠤᠤ ᠪᠠᠯᠭᠠᠰᠤᠨ  ᠤ ᠬᠠᠭᠤᠴᠢᠨ ᠬᠤᠳᠠ ᠶᠢᠨ ᠲᠤᠭᠤᠷᠢᠭ ᠤᠨ ᠵᠠᠮ ᠤᠨ ᠥᠭᠡᠷᠠᠴᠢᠯᠠᠯᠳᠠ ᠪᠤᠯᠤᠨ ᠬᠤᠭᠤᠯᠠᠢ ᠲᠤᠤᠷ ᠤᠨ ᠪᠥᠳᠥᠭᠡᠨ ᠪᠠᠶᠢᠭᠤᠯᠤᠯᠳᠠ ᠶᠢᠨ ᠲᠥᠷᠤᠯ ᠵᠥᠢᠯ ᠢ ᠪᠠᠶᠢᠭᠤᠯᠬᠤ᠂ ᠴᠠᠭᠠᠨ ᠰᠠᠷ᠎ᠠ᠂ ᠦᠯᠵᠡᠶᠢᠲᠤ ᠡᠳᠤᠷ ᠤᠨ ᠪᠠᠶᠠᠷ ᠤᠨ ᠬᠤᠭᠤᠴᠠᠭᠠᠨ ᠤ ᠰᠢᠷᠢᠰ ᠰᠤᠶᠤᠯ ᠤᠨ ᠠᠵᠢᠯᠯᠠᠭᠠᠨ ᠢ ᠵᠤᠭᠢᠶᠠᠨ ᠪᠠᠶᠢᠭᠤᠯᠬᠤ ᠵᠡᠷᠭᠡ ᠶᠢᠨ ᠠᠵᠢᠯ ᠢ ᠰᠤᠳᠤᠯᠤᠨ ᠪᠠᠲᠤᠯᠠᠭᠰᠠᠨ ᠪᠠᠶᠢᠨ᠎ᠠ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠬᠤᠷᠠᠯ ᠠᠴᠠ ᠭᠢᠨᠠᠨ ᠪᠠᠳᠤᠯᠠᠭᠰᠠᠨ ᠡᠯ᠎ᠠ ᠲᠥᠷᠥᠯ ᠤᠨ ᠲᠥᠷᠢᠮ ᠲᠤᠭᠳᠠᠭᠠᠯ᠂ ᠠᠷᠭ᠎ᠠ ᠶᠢᠨ ᠪᠢᠴᠢᠭ ᠮᠠᠲ᠋ᠧᠷᠢᠶᠠᠯ ᠤᠨ ᠲᠤᠬᠠᠢ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ᠂ ᠬᠤᠯᠪᠤᠭᠳᠠᠯ ᠪᠥᠭᠦᠢ ᠠᠭᠤᠯᠭ᠎ᠠ ᠶᠢ ᠨᠠᠷᠢᠨ ᠰᠤᠳᠤᠯᠤᠨ ᠪᠥᠭᠦ ᠲᠠᠯ᠎ᠠ ᠪᠠᠷ ᠲᠡᠭᠦᠯᠳᠡᠷᠵᠢᠭᠦᠯᠵᠤ᠂ ᠪᠢᠴᠢᠭ ᠮᠠᠲ᠋ᠧᠷᠢᠶᠠᠯ  ᠤᠨ ᠤᠷᠤᠯᠳᠤᠯᠭ᠎ᠠ ᠶᠢᠨ ᠴᠢᠨᠠᠷ ᠢ ᠪᠠᠳᠤᠯᠠᠬᠤ ᠭᠡᠷᠡᠭᠳᠠᠢ᠃ ᠬᠤᠷᠠᠯ ᠠᠴᠠ ᠰᠤᠳᠤᠯᠤᠨ ᠪᠠᠲᠤᠯᠠᠭᠰᠠᠨ ᠲᠥᠷᠥᠯ ᠵᠥᠢᠯ ᠪᠤᠯᠤᠨ ᠠᠵᠢᠯ ᠤᠨ ᠲᠤᠬᠠᠢ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠨᠢ ᠲᠥᠷᠥᠯ ᠵᠥᠢᠯ ᠤᠨ ᠶᠠᠪᠤᠴᠠ ᠶᠢ ᠴᠢᠩᠭᠠᠳᠬᠠᠵᠤ᠂ ᠨᠢᠭᠡᠳᠤᠯᠳᠠᠢ ᠲᠥᠯᠥᠪᠵᠢᠭᠦᠯᠤᠨ ᠲᠥᠯᠥᠪᠯᠡᠵᠤ᠂ ᠡᠯ᠎ᠠ ᠲᠥᠷᠥᠯ ᠵᠥᠢᠯ ᠪᠤᠯᠤᠨ ᠠᠵᠢᠯ ᠤᠨ ᠢᠯᠭᠤᠮ ᠴᠡᠭᠴᠠ ᠲᠠᠢ ᠠᠭᠢᠬᠤ ᠶᠢ ᠪᠠᠳᠤᠯᠠᠬᠤ ᠭᠡᠷᠭᠳᠠᠢ ᠭᠡᠵᠡᠢ᠃      ᠬᠤᠷᠠᠯ ᠢᠶᠠᠷ ᠪᠠᠰᠠ ᠪᠤᠰᠤᠳ ᠶᠠᠪᠤᠳᠠᠯ ᠢ ᠰᠤᠳᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号