ᠠᠹᠷᠢᠺᠡ ᠲᠢᠪ ᠤᠨ ᠭᠠᠭ᠋ᠠᠢ ᠶᠢᠨ ᠭᠢᠵᠢᠭ ᠢ ᠰᠡᠷᠭᠡᠶᠢᠯᠡᠬᠦ ᠠᠵᠢᠯ ᠢ ᠰᠠᠶᠢᠳᠤᠷ ᠬᠢᠵᠦ᠂ ᠠᠷᠠᠳ ᠲᠦᠮᠡᠨ ᠤ | ᠠᠶᠦᠯᠬᠦᠢ ᠮᠢᠬ᠎ᠠ ᠢᠳᠡᠭᠦ ᠶᠢ ᠪᠠᠳᠤᠯᠠᠨ᠂ ᠪᠦᠬᠦ ᠬᠤᠰᠢᠭᠤᠨ ᠤ ᠠᠷᠠᠳ ᠲᠦᠮᠡᠨ ᠤ ᠢᠳᠡᠭᠡᠨ ᠤ ᠠᠶᠦᠯᠬᠦᠢ ᠶᠢ | ᠪᠠᠳᠤᠯᠠᠬᠤ ᠶᠢᠨ ᠲᠤᠰᠠᠳᠠ᠂ ᠤᠷᠴᠢᠮ ᠤᠨ ᠡᠳᠦᠷ ᠬᠤᠰᠢᠭᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ | ᠲᠤᠪᠴᠢᠶ᠎ᠠ ᠤᠯᠠᠨ ᠵᠦᠢᠯ ᠤᠨ ᠠᠷᠭ᠎ᠠ ᠬᠡᠯᠪᠡᠷᠢ ᠪᠠᠷ ᠠᠹᠷᠢᠺᠡ ᠲᠢᠪ ᠤᠨ ᠭᠠᠭ᠋ᠠᠢ ᠶᠢᠨ ᠭᠢᠵᠢᠭ ᠢ ᠰᠡᠷᠭᠡᠶᠢᠯᠡᠬᠦ | ᠠᠵᠢᠯᠯᠠᠭ᠎ᠠ ᠦᠷᠨᠢᠭᠦᠯᠪᠡ᠃ | ᠨᠢᠭᠡ ᠳᠤ ᠤᠬᠠᠭᠤᠯᠭ᠎ᠠ ᠪᠤᠯᠪᠠᠰᠤᠷᠡᠯ ᠤᠨ ᠠᠵᠢᠯ ᠢ ᠰᠠᠶᠢᠳᠤᠷ ᠬᠢᠵᠤ ᠪᠠᠶᠢᠨ᠎ᠠ᠃ ᠢᠳᠡᠭᠡᠨ ᠤ ᠡᠵᠡᠩᠨᠡᠭᠴᠢ | ᠳᠤ ᠠᠹᠷᠢᠺᠡ ᠲᠢᠪ ᠤᠨ ᠭᠠᠭ᠋ᠠᠢ ᠶᠢᠨ ᠭᠢᠵᠢᠭ ᠭᠠᠭ᠋ᠠᠢ ᠳᠤ ᠬᠠᠯᠳᠠᠪᠦᠷᠢᠯᠠᠬᠤ ᠠᠴᠠ ᠪᠢᠰᠢ ᠬᠦᠮᠦᠨ ᠳᠤ | ᠬᠠᠯᠳᠠᠪᠤᠷᠢᠯᠠᠳᠠᠭ ᠦᠭᠡᠢ ᠵᠡᠷᠭᠡ ᠠᠹᠷᠢᠺᠡ ᠲᠢᠪ ᠤᠨ ᠭᠠᠭ᠋ᠠᠢ ᠶᠢᠨ ᠭᠢᠵᠢᠭ ᠤᠨ ᠲᠤᠬᠠᠢ ᠤᠯᠠᠨ ᠮᠡᠳᠡᠯᠭᠡ ᠶᠢ | ᠤᠬᠠᠭᠤᠯᠵᠤ᠂ ᠦᠷᠭᠡᠨ ᠤᠯᠠᠨ ᠡᠵᠡᠩᠨᠡᠭᠴᠢᠳ ᠤᠨ ᠰᠡᠷᠡᠮᠵᠢᠯᠡᠬᠦ ᠤᠬᠠᠮᠰᠠᠷ ᠪᠠ ᠴᠢᠳᠠᠪᠤᠷᠢ ᠶᠢ ᠲᠡᠭᠡᠭᠰᠢᠯᠡᠬᠦᠯᠦᠭᠰᠡᠨ | ᠪᠠᠶᠢᠨ᠎ᠠ᠃ | ᠬᠤᠶᠠᠷ ᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠭᠦᠷ᠂ ᠭᠠᠭ᠋ᠠᠢ ᠶᠢᠨ ᠮᠢᠬᠠᠨ ᠤ ᠡᠵᠡᠩᠨᠡᠯᠳᠡ ᠶᠢᠨ | ᠡᠷᠦᠭᠡ᠂ ᠬᠤᠳᠠᠯᠳᠤᠭᠠᠨ ᠤ ᠲᠠᠯᠠᠪᠠᠢ᠂ ᠴᠢᠯᠤᠭᠡᠳᠦ ᠲᠡᠯᠭᠡᠭᠦᠷ ᠵᠡᠷᠭᠡ ᠳᠠᠬᠢ ᠭᠠᠭ᠋ᠠᠢ ᠶᠢᠨ ᠮᠢᠬ᠎ᠠ ᠵᠢᠴᠢ ᠭᠠᠭ᠋ᠠᠢ ᠶᠢᠨ | ᠮᠢᠬᠠᠨ ᠤ ᠪᠦᠳᠦᠭᠡᠭᠳᠡᠭᠦᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠪᠠ᠃ ᠵᠠᠬ᠎ᠠ ᠲᠡᠯᠭᠡᠭᠦᠷ ᠤᠨ ᠪᠠᠶᠢᠴᠠᠭᠠᠬᠤ | ᠲᠤᠭ᠎ᠠ ᠶᠢ ᠨᠡᠮᠡᠭᠳᠡᠭᠦᠯᠵᠦ᠂ ᠭᠠᠭ᠋ᠠᠢ ᠶᠢᠨ ᠮᠢᠬᠠᠨ ᠲᠦᠷᠦᠯ ᠤᠨ ᠦᠢᠯᠡᠳᠭᠦᠨ ᠤ ᠡᠵᠡᠩᠨᠡᠭᠴᠢᠳ ᠲᠤ ᠪᠠᠷᠠᠭ᠎ᠠ | ᠤᠷᠤᠭᠤᠯᠤᠭᠰᠠᠨ ᠰᠢᠯᠭᠠᠨ ᠪᠠᠶᠢᠴᠠᠭᠠᠯᠳᠠ ᠪᠠ ᠰᠢᠯᠭᠠᠨ ᠪᠠᠶᠢᠴᠠᠭᠠᠯᠳᠠ ᠶᠢᠨ ᠲᠡᠮᠳᠡᠭᠯᠡᠯ ᠤᠨ ᠲᠦᠷᠢᠮ᠂ ᠬᠢᠵᠢᠭ ᠤᠨ | ᠰᠢᠯᠭᠠᠨ ᠪᠠᠶᠢᠴᠠᠭᠠᠯᠳᠠ ᠶᠢᠨ ᠬᠢᠷᠢ ᠲᠡᠩᠴᠡᠭᠰᠡᠨ ᠭᠡᠷᠡᠴᠢ ᠵᠡᠷᠭᠡ ᠶᠢ ᠴᠢᠩᠭ᠎ᠠ ᠬᠡᠷᠡᠭᠵᠢᠭᠦᠯᠬᠦ ᠶᠢ ᠱᠠᠭᠠᠷᠳᠠᠨ | ᠵᠢᠯᠤᠭᠤᠳᠴᠤ᠂ ᠬᠢᠵᠢᠭ ᠤᠨ ᠰᠢᠯᠭᠠᠨ ᠪᠠᠶᠢᠴᠠᠭᠠᠯᠳᠡ ᠬᠢᠭᠰᠡᠨ ᠦᠭᠡᠢ ᠭᠠᠭ᠋ᠠᠢ ᠶᠢᠨ ᠮᠢᠬ᠎ᠠ ᠶᠢ ᠴᠦᠮ ᠵᠠᠬ᠎ᠠ | ᠲᠡᠯᠭᠡᠭᠦᠷ ᠲᠤ ᠤᠷᠤᠭᠤᠯᠤᠨ ᠬᠤᠳᠠᠯᠳᠤᠬᠤ ᠶᠢ ᠴᠢᠩᠭ᠎ᠠ ᠬᠤᠷᠢᠭᠯᠠᠨ ᠬᠠᠮᠢᠶᠠᠷᠴᠦ ᠪᠠᠶᠢᠨ᠎ᠠ᠃ | ᠭᠤᠷᠪᠡ ᠳᠤ ᠬᠤᠭᠤᠯᠠ ᠤᠮᠳᠠ ᠶᠢᠨ ᠠᠵᠤ ᠣᠶᠢᠯᠡᠰ᠂ ᠰᠤᠷᠭᠠᠭᠤᠯᠢ ︵ᠴᠡᠴᠡᠷᠯᠢᠭ︶ ᠶᠢᠨ ᠬᠤᠭᠤᠯᠠᠨ ᠭᠡᠷ᠂ | ᠪᠠᠶᠢᠭᠤᠯᠭ᠎ᠠ ᠨᠢᠬᠡᠴᠢ ᠶᠢᠨ ᠬᠤᠭᠤᠯᠠᠨ ᠭᠡᠷ᠂ ᠮᠢᠬᠠᠨ ᠤ ᠣᠶᠢᠯᠡᠳᠬᠦᠨ ᠢ ᠦᠢᠯᠡᠳᠪᠦᠷᠢᠯᠡᠨ ᠡᠳ᠋ᠰᠢᠯᠡᠭᠦᠯᠭᠦ ᠠᠵᠤ | ᠠᠬᠤᠶᠢᠯᠠᠯ ᠵᠡᠷᠭᠡ ᠭᠤᠤᠯᠳᠠᠯᠭ᠎ᠠ ᠲᠠᠢ ᠭᠤᠭᠴᠤᠭᠠᠨ ᠤ ᠬᠢᠨᠠᠨ ᠪᠠᠶᠢᠴᠠᠭᠠᠯᠳᠠ ᠪᠠᠨ ᠡᠷᠴᠢᠮᠵᠢᠭᠦᠯᠵᠤ᠂ ᠲᠤᠭᠳᠠᠭᠠᠯ | ᠶᠤᠰᠤᠭᠠᠷ ᠬᠢᠵᠢᠭ ᠤᠨ ᠰᠢᠯᠭᠠᠨ ᠪᠠᠶᠢᠴᠠᠭᠠᠯᠳᠠ ᠬᠢᠭᠰᠡᠨ ᠦᠭᠡᠢ ᠡᠰᠡᠭᠦᠯ᠎ᠡ ᠬᠢᠵᠢᠭ ᠤᠨ ᠰᠢᠯᠭᠠᠨ ᠪᠠᠶᠢᠴᠠᠭᠠᠯᠳᠠ ᠳᠤ | ᠬᠢᠷᠢ ᠲᠡᠩᠴᠡᠭᠰᠡᠨ ᠦᠭᠡᠢ ᠭᠠᠭ᠋ᠠᠢ ᠶᠢᠨ ᠮᠢᠬ᠎ᠠ ᠵᠢᠴᠢ ᠭᠠᠭ᠋ᠠᠢ ᠶᠢᠨ ᠮᠢᠬᠠᠨ ᠪᠦᠳᠦᠭᠡᠭᠳᠡᠭᠦᠨ ᠢ ᠬᠤᠭᠤᠯᠠᠨ ᠰᠢᠷᠡᠭᠡᠨ | ᠲᠡᠭᠡᠷ᠎ᠡ ᠭᠠᠷᠭᠠᠬᠤ ᠶᠢ ᠴᠢᠩᠭ᠎ᠠ ᠬᠤᠷᠢᠭᠯᠠᠬᠤ ᠶᠢᠨ ᠬᠠᠮᠳᠤ ᠬᠠᠤᠯᠢ ᠪᠤᠰᠤ ᠢᠷᠡᠯᠳᠡ ᠲᠠᠢ ᠲᠦᠭᠦᠭᠡᠢ ᠮᠢᠬ᠎ᠠ᠂ | ᠬᠦᠯᠳᠡᠭᠦᠤ ᠮᠢᠬ᠎ᠠ ᠶᠢ ᠬᠠᠳᠠᠭᠠᠯᠠᠬᠤ᠂ ᠡᠳ᠋ᠰᠢᠯᠡᠭᠦᠯᠬᠦ ᠶᠢ ᠴᠢᠩᠭ᠎ᠠ ᠬᠤᠷᠢᠭᠯᠠᠵᠤ᠂ ᠬᠠᠷᠢᠭᠤᠴᠠᠯᠭ᠎ᠠ ᠶᠢᠨ ᠤᠬᠠᠮᠰᠠᠷ ᠢ | ᠰᠠᠶᠢᠳᠤᠷ ᠨᠡᠮᠡᠭᠳᠡᠭᠦᠯᠤᠨ᠂ ᠢᠳᠡᠭᠡᠨ ᠤ ᠠᠶᠦᠯᠭᠦᠢ ᠶᠢ ᠪᠠᠳᠤᠯᠠᠵᠤ ᠪᠠᠶᠢᠨ᠎ᠠ᠃ | ᠲᠦᠷᠪᠡ ᠳᠤ ᠬᠤᠭᠤᠯᠠᠨ ᠭᠡᠷ ᠤᠨ ᠬᠠᠶᠠᠭᠳᠠᠮᠠᠯ ᠪᠤᠳᠠᠰ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠪᠠ᠃ | ᠬᠤᠭᠤᠯᠠᠨ ᠭᠡᠷ ᠤᠨ ᠬᠠᠶᠠᠭᠳᠠᠮᠠᠯ ᠪᠤᠳᠠᠰ ᠤᠨ ᠬᠠᠮᠢᠶᠠᠷᠤᠯᠳᠠ ᠶᠢᠨ ᠲᠦᠷᠢᠮ ᠢ ᠲᠤᠭᠳᠠᠭᠠᠵᠤ᠂ ᠬᠤᠭᠤᠯᠠᠨ ᠭᠡᠷ ᠤᠨ | ᠬᠠᠶᠠᠭᠳᠠᠮᠠᠯ ᠪᠤᠳᠠᠰ ︵ᠤᠬᠢᠶᠠᠳᠠᠰᠤ︶ ᠢ ᠰᠢᠢᠳᠪᠦᠷᠢᠯᠡᠬᠦ ᠲᠠᠩᠰᠠᠯᠠᠯᠳᠠ ᠬᠢᠵᠦ᠂ ᠬᠤᠭᠤᠯᠠ ᠤᠮᠳᠠ ᠶᠢᠨ | ᠡᠵᠡᠩᠨᠡᠭᠴᠢᠳ ᠬᠤᠭᠤᠯᠠᠨ ᠭᠡᠷ ᠤᠨ ᠬᠠᠶᠠᠭᠳᠠᠮᠠᠯ ᠪᠤᠳᠠᠰ ᠢᠶᠠᠨ ᠡᠯ᠎ᠡ ᠲᠦᠷᠦᠯ ᠤᠨ ᠲᠡᠵᠢᠭᠡᠪᠦᠷᠢ ᠶᠢᠨ ᠡᠷᠦᠭᠡ ᠳᠤ | ᠦᠭᠬᠦ ᠶᠢ ᠬᠤᠷᠢᠭᠯᠠᠵᠤ ᠪᠠᠶᠢᠨ᠎ᠠ᠃ | ᠲᠠᠪᠤ ᠳᠤ ᠰᠠᠯᠠᠭ᠎ᠠ ᠮᠦᠴᠢᠷ ᠤᠨ ᠬᠠᠮᠳᠤᠷᠠᠯᠴᠠᠭ᠎ᠠ ᠶᠢ ᠴᠢᠩᠭᠠᠳᠬᠠᠵᠤ᠂ ᠵᠠᠰᠠᠭ ᠤᠨ ᠤᠷᠳᠤᠨ ᠤ | ᠨᠢᠭᠡᠳᠦᠯᠳᠠᠢ ᠤᠳᠤᠷᠢᠳᠤᠯᠭ᠎ᠠ ᠲᠤᠤᠷ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠢᠳᠡᠪᠬᠢᠳᠠᠢ ᠬᠠᠮᠵᠢᠯᠴᠠᠨ | ᠬᠠᠮᠳᠤᠪᠡᠷ ᠰᠡᠷᠭᠡᠶᠢᠯᠡᠬᠦ ᠪᠠ ᠤᠬᠠᠭᠤᠯᠭ᠎ᠠ ᠬᠦᠮᠦᠵᠢᠯ ᠤᠨ ᠠᠵᠢᠯ ᠢ ᠰᠠᠶᠢᠨ ᠬᠢᠵᠦ᠂ ᠮᠡᠳᠡᠭᠡ ᠵᠠᠩᠭᠢ ᠶᠢ | ᠬᠤᠪᠢᠶᠠᠯᠴᠠᠬᠤ ᠪᠠ ᠠᠷᠭ᠎ᠠ ᠬᠡᠮᠵᠢᠶ᠎ᠡ ᠪᠠᠨ ᠨᠢᠭᠡᠳᠭᠡᠭᠦ ᠶᠢ ᠴᠢᠩᠭᠠᠳᠬᠠᠵᠤ᠂ ᠰᠡᠷᠭᠡᠶᠢᠯᠡᠯᠳᠡ ᠶᠢᠨ ᠬᠢᠨᠠᠨ | ᠬᠠᠮᠢᠶᠠᠷᠤᠯᠳᠠ ᠶᠢᠨ ᠬᠦᠴᠦᠯᠡᠴᠡ ᠪᠠᠨ ᠬᠠᠮᠳᠤᠳᠬᠠᠵᠤ ᠪᠠᠶᠢᠨ᠎ᠠ᠃ |