ᠬᠤᠳᠠ ᠠᠴᠠ ᠮᠠᠨ ᠤ ᠬᠤᠰᠢᠭᠤᠨ ᠤ 2018 ᠤᠨ ᠤ ᠶᠠᠳᠠᠭᠤ ᠶᠢ ᠲᠠᠳᠭᠦᠭᠦ ᠰᠶᠢᠳᠪᠤᠷᠢᠳᠤ ᠠᠵᠢᠯ ᠤᠨ ᠪᠥᠳᠥᠮᠵᠢ ᠶᠢ ᠭᠢᠨᠠᠨ ᠰᠢᠯᠭᠠᠬᠤ ᠬᠠᠷᠢᠭᠤ ᠮᠡᠳᠡᠭᠦᠯᠥᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-04
     1 ᠰᠠᠷ᠎ᠠ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠵᠠᠭᠢᠷᠤᠯ ᠲᠠᠯᠠᠢ ᠶᠢᠨ ᠲᠠᠭᠠᠭᠤᠯᠤᠭᠰᠠᠨ ᠶᠠᠳᠠᠭᠤ ᠶᠢ ᠲᠠᠳᠭᠦᠭᠦ ᠰᠶᠢᠳᠪᠤᠷᠢᠳᠤ ᠠᠵᠢᠯ ᠤᠨ ᠪᠥᠳᠥᠮᠵᠢ ᠶᠢ ᠭᠢᠨᠠᠨ ᠰᠢᠯᠭᠠᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠠᠵᠤ ᠬᠤᠲᠠ ᠠᠴᠠ ᠮᠠᠨ ᠤ ᠬᠤᠰᠢᠭᠤᠨ ᠤ 2018 ᠤᠨ ᠤ ᠶᠠᠳᠠᠭᠤ ᠶᠢ ᠲᠠᠳᠭᠦᠭᠦ ᠰᠶᠢᠳᠪᠤᠷᠢᠳᠤ ᠠᠵᠢᠯ ᠤᠨ ᠪᠥᠳᠥᠮᠵᠢ ᠭᠢᠨᠠᠨ ᠰᠢᠯᠭᠠᠬᠤ ᠬᠠᠷᠢᠭᠤ ᠮᠡᠳᠡᠭᠦᠯᠥᠯᠳᠠ  ᠶᠢᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠠᠷᠢᠭᠤ ᠮᠡᠳᠡᠭᠦᠯᠥᠯᠳᠠ ᠶᠢᠨ ᠬᠤᠷᠠᠯ ᠢ ᠡᠷᠭᠢᠯᠠᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠤᠳᠤᠷᠢᠳᠤᠯᠭ᠎ᠠ ᠪᠠᠶᠠᠠᠴᠡᠩᠭᠡᠯ᠂ ᠸᠠᠩ ᠭᠠᠩ ᠪᠤᠯᠤᠨ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ ᠲᠠᠯᠠᠢ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠶᠠᠳᠠᠭᠤ ᠶᠢ ᠲᠠᠳᠭᠦᠭᠦ ᠰᠶᠢᠳᠪᠤᠷᠢᠳᠤ ᠠᠵᠢᠯ ᠤᠨ ᠪᠥᠳᠥᠮᠵᠢ ᠶᠢ ᠭᠢᠨᠠᠨ ᠰᠢᠯᠭᠠᠵᠤ ᠥᠨᠠᠯᠠᠭᠦ ᠠᠵᠢᠯ ᠢ ᠥᠷᠨᠢᠭᠦᠯᠭᠦ ᠲᠤᠬᠠᠢ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠵᠤ ᠲᠤᠰ ᠤᠳᠠᠭᠠᠨ ᠤ ᠭᠢᠨᠠᠨ ᠰᠢᠯᠭᠠᠯᠳᠠ ᠶᠢᠨ ᠠᠭᠤᠯᠭ᠎ᠠ ᠠᠯᠬᠤᠮ ᠲᠠᠷᠠᠭ᠎ᠠ ᠳᠤ ᠲᠤᠳᠤᠷᠬᠠᠶᠢᠯᠠᠯᠳᠠ ᠭᠢᠪᠠ᠃ ᠵᠤᠤ ᠹᠸᠢ ᠯᠤ᠋ ᠮᠠᠨ ᠤ ᠬᠤᠰᠢᠭᠤ 2018 ᠤᠨ ᠤ ᠶᠠᠳᠠᠭᠤ ᠶᠢ ᠲᠠᠳᠭᠦᠭᠦ ᠰᠶᠢᠳᠪᠤᠷᠢᠳᠤ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ᠂ ᠭᠤᠤᠯ ᠠᠰᠠᠭᠤᠳᠠᠯ᠂ ᠲᠠᠷᠢᠭᠦᠨ ᠤ ᠠᠷᠭ᠎ᠠ ᠲᠤᠷᠰᠢᠯᠭ᠎ᠠ ᠪᠤᠯᠤᠨ ᠨᠠᠶᠢᠳᠡᠯᠢᠭ ᠭᠡᠯᠪᠠᠷᠢ ᠮᠠᠶ᠋ᠢᠭ ᠪᠠ ᠭᠥᠭᠵᠢᠯᠳᠠ ᠶᠢᠨ ᠲᠥᠯᠥᠪᠵᠢᠭᠦᠯᠭᠡ ᠵᠡᠷᠭᠡ ᠲᠠᠯ᠎ᠠ ᠳᠤ ᠬᠠᠷᠢᠭᠤ ᠮᠡᠳᠡᠭᠦᠯᠥᠯᠳᠠ ᠭᠢᠪᠠ᠃      ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠡᠯ᠎ᠠ ᠰᠤᠮᠤ ᠪᠠᠯᠭᠠᠰᠤ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠭᠢᠨᠠᠨ ᠰᠢᠯᠭᠠᠯᠳᠠ ᠶᠢᠨ ᠠᠵᠢᠯ ᠤᠨ ᠱᠠᠭᠠᠷᠳᠠᠯᠭ᠎ᠠ ᠶᠤᠰᠤᠭᠠᠷ ᠭᠢᠨᠠᠨ ᠰᠢᠯᠭᠠᠯᠳᠠ ᠶᠢᠨ ᠲᠤᠭᠤᠶᠢᠯᠠᠩ ᠤᠨ ᠮᠠᠨ ᠤ ᠬᠤᠰᠢᠭᠤᠨ ᠳᠤ ᠭᠢᠨᠠᠨ ᠰᠢᠯᠭᠠᠯᠳᠠ ᠭᠢᠭᠦ ᠲᠠᠢ ᠨᠢᠭᠲᠠ ᠬᠠᠮᠵᠢᠯᠴᠠᠬᠤ ᠶᠢᠨ ᠬᠠᠮᠳᠤ ᠲᠤᠰ ᠤᠳᠠᠭᠠᠨ ᠤ ᠭᠢᠨᠠᠨ ᠰᠢᠯᠭᠠᠯᠳᠠ ᠶᠢᠨ ᠠᠵᠢᠯ ᠢᠶᠠᠷ ᠠᠵᠠ ᠲᠤᠭᠢᠶᠠᠯ ᠪᠤᠯᠭᠠᠵᠦ ᠳᠠᠷᠠᠭᠠᠴᠢ ᠶᠢᠨ ᠠᠯᠬᠤᠮ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠨ ᠭᠢᠭᠦ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠭᠦ ᠭᠡᠷᠡᠭᠳᠠᠢ ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠪᠤᠯ ᠶᠠᠷᠤᠩᠭᠡᠢ ᠱᠥᠵᠢ ᠶᠢᠨ ᠲᠤᠷᠠᠳᠤᠭᠰᠠᠨ ᠨᠢᠭᠡ ᠲᠥᠷᠤᠯ ᠤᠨ ᠴᠢᠬᠤᠯᠠ ᠤᠯᠤᠰ ᠲᠥᠷᠥ  ᠶᠢᠨ ᠡᠭᠦᠷᠭᠡ ᠪᠤᠯᠬᠤ ᠶᠢ ᠭᠥᠨᠵᠡᠭᠡᠢ  ᠲᠠᠨᠢᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠴᠢᠩᠭ᠎ᠠ ᠠᠳᠬᠤᠬᠤ ᠶᠢ ᠲᠥᠷᠪᠡᠨ ᠤᠬᠠᠮᠰᠠᠷ ᠢ ᠰᠢᠯᠭᠠᠬᠤ ᠴᠢᠬᠤᠯᠠ ᠪᠠᠷᠢᠮᠵᠢᠶ᠎ᠠ᠂ ᠲᠠᠷᠢᠭᠦᠨ ᠴᠢᠬᠤᠯᠠ ᠠᠵᠢᠯ ᠪᠤᠯᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠣᠭᠠᠨ ᠢ ᠡᠷᠡᠰ ᠢᠯᠠᠬᠤ ᠭᠡᠷᠡᠭᠳᠠᠢ᠃ ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ  ᠶᠢ ᠴᠢᠩᠭ᠎ᠠ ᠠᠳᠬᠤᠵᠤ ᠤᠨᠢᠨ ᠲᠡᠭᠡᠷ᠎ᠡ ᠨᠢ ᠭᠥᠴᠤᠯᠠᠭᠦ ᠪᠠᠷ ᠴᠢᠷᠮᠠᠶᠢᠬᠤ ᠭᠡᠷᠡᠭᠳᠠᠢ᠃ ᠤᠨᠢᠨ ᠲᠡᠭᠡᠷ᠎ᠡ ᠨᠢ ᠲᠠᠳᠭᠦᠭᠦ ᠭᠤᠤᠯᠳᠠᠯᠭ᠎ᠠ ᠶᠢ ᠡᠵᠡᠮᠳᠠᠨ ᠶᠠᠳᠠᠭᠤ ᠭᠥᠴᠢᠷᠳᠠᠯᠳᠠᠢ ᠤᠯᠠᠨ ᠲᠥᠮᠡᠨ ᠤ ᠭᠥᠳᠡᠯᠮᠤᠷᠢ ᠪᠠᠷ ᠪᠠᠶᠠᠵᠢᠨ ᠴᠢᠨᠡᠭᠡᠯᠢᠭᠵᠢᠭᠦ ᠲᠤᠳᠤᠭᠠᠳᠤ ᠠᠮᠢᠵᠢᠷᠠᠯ ᠤᠨ ᠭᠥᠴᠤᠨ ᠢ ᠪᠠᠳᠠᠷᠠᠭᠤᠯᠵᠦ ᠠᠵᠤ ᠥᠢᠯᠡᠰ᠂ ᠰᠤᠷᠭᠠᠨ ᠭᠥᠮᠤᠵᠢᠯ᠂ ᠠᠵᠢᠯ ᠤᠯᠭᠤᠯᠳᠠ ᠂ ᠡᠷᠡᠭᠦᠯ ᠴᠢᠭᠢᠷᠠᠭ ᠪᠤᠯᠤᠨ ᠭᠥᠴᠢᠷᠳᠠᠯ ᠤᠨ ᠨᠥᠭᠦᠪᠤᠷᠢ ᠵᠡᠷᠭᠡ ᠡᠯ᠎ᠠ ᠲᠥᠷᠥᠯ ᠤᠨ ᠲᠥᠷᠥ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠢᠭᠡᠳᠤᠯᠳᠠᠢ ᠲᠥᠯᠥᠪᠵᠢᠭᠦᠯᠤᠨ ᠨᠠᠶᠢᠳᠠᠪᠤᠷᠢᠵᠢᠭᠤᠯᠵᠤ ᠶᠠᠳᠠᠭᠤ ᠶᠢ ᠲᠠᠳᠭᠦᠭᠦ ᠥᠷ᠎ᠠ ᠪᠥᠳᠥᠮᠵᠢ ᠶᠢ ᠤᠷᠳᠤ ᠬᠤᠭᠤᠴᠠᠭ᠎ᠠ ᠪᠠᠷ ᠪᠠᠭᠢᠵᠢᠭᠦᠯᠭᠦ ᠭᠡᠷᠡᠭᠳᠠᠢ᠃ ᠲᠠᠭᠢᠨ ᠶᠠᠳᠠᠭᠤᠷᠠᠬᠤ ᠶᠢ ᠰᠠᠷᠭᠡᠶᠢᠯᠠᠨ ᠲᠠᠳᠭᠦᠨ ᠲᠠᠮᠵᠢᠭᠦ ᠭᠥᠷᠢᠶ᠎ᠠ ᠭᠡᠪᠴᠢᠶ᠎ᠠ ᠶᠢ ᠪᠥᠭᠦ ᠲᠠᠯ᠎ᠠ ᠶᠢᠨ ᠪᠤᠯᠭᠠᠬᠤ ᠭᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠭᠤᠤᠯᠳᠠᠯᠭ᠎ᠠ ᠶᠢ ᠶᠠᠳᠠᠭᠤ ᠠᠴᠠ ᠠᠩᠭᠢᠵᠢᠷᠠᠭᠤᠯᠬᠤ ᠨᠤᠷᠮ᠎ᠠ ᠶᠢ ᠲᠡᠭᠡᠭᠰᠢᠯᠠᠭᠦᠯᠭᠦ ᠠᠴᠠ ᠶᠠᠳᠠᠭᠤᠷᠠᠬᠤ ᠨᠤᠷᠮ᠎ᠠ ᠶᠢ ᠪᠠᠭᠤᠷᠠᠭᠤᠯᠬᠤ ᠪᠤᠯᠭᠠᠨ ᠬᠤᠪᠢᠷᠠᠭᠤᠯᠵᠤ ᠭᠥᠴᠢᠷᠳᠠᠯᠳᠠᠢ ᠤᠯᠠᠨ ᠲᠥᠮᠡᠨ ᠤ ᠠᠮᠢᠳᠤᠷᠠᠯ  ᠤᠨ ᠭᠥᠴᠢᠷᠳᠠᠯ ᠢ ᠨᠢ ᠰᠶᠢᠳᠪᠤᠷᠢᠯᠠᠨ ᠲᠠᠭᠢᠨ ᠶᠠᠳᠠᠭᠤᠷᠠᠬᠤ ᠶᠢ ᠰᠠᠷᠭᠡᠶᠢᠯᠠᠭᠦ ᠬᠡᠷᠡᠭᠲᠡᠢ᠃ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ ᠠᠵᠢᠯ ᠤᠨ ᠰᠠᠭᠢᠯᠭ᠎ᠠ ᠪᠠᠳᠤ ᠶᠢ ᠴᠢᠩᠭᠠᠳᠬᠠᠬᠤ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠠᠵᠢᠯ ᠤᠨ ᠰᠤᠷᠳᠠᠯ ᠢᠶᠠᠨ ᠲᠠᠰᠤᠷᠠᠯᠲᠠ ᠥᠭᠡᠢ ᠥᠭᠡᠷᠡᠴᠢᠯᠠᠨ ᠰᠢᠷᠭᠠᠭᠤ ᠬᠠᠳᠠᠭᠤᠵᠢᠯᠳᠠᠢ ᠴᠢᠷᠮᠠᠶᠢᠵᠦ ᠯᠠᠪᠳᠠᠭᠤᠨ ᠪᠠᠳᠤᠳᠠᠢ ᠠᠵᠢᠯᠯᠠᠨ ᠲᠥᠷᠥ ᠶᠢᠨ ᠪᠤᠳᠤᠯᠭ᠎ᠠ ᠶᠢ ᠭᠡᠷᠡᠭᠵᠢᠭᠦᠯᠭᠦ ᠲᠠᠯ᠎ᠠ ᠶᠢᠨ ᠡᠯ᠎ᠠ ᠭᠤᠭᠴᠤᠭ᠎ᠠ ᠶᠢ ᠪᠤᠳᠠᠳᠠᠶᠢᠵᠢᠭᠤᠯᠤᠨ ᠴᠢᠩᠭᠠᠳᠬᠠᠬᠤ ᠭᠡᠷᠡᠭᠳᠠᠢ᠃ ᠶᠠᠳᠠᠭᠤ ᠶᠢ ᠲᠠᠳᠭᠦᠭᠦ ᠴᠠᠷᠠᠭᠠᠨ ᠤ ᠢᠯᠵᠢᠷᠠᠯ ᠤᠨ ᠠᠰᠠᠭᠤᠳᠠᠯ ᠪᠠ ᠠᠵᠢᠯ ᠤᠨ ᠰᠤᠷᠳᠠᠯ ᠤᠨ ᠠᠰᠠᠭᠤᠳᠠᠯ ᠢ ᠥᠷᠭᠦᠯᠵᠢᠯᠠᠨ ᠵᠠᠰᠠᠵᠤ ᠶᠠᠳᠠᠭᠤ ᠶᠢ ᠲᠠᠳᠭᠦᠭᠦ ᠪᠡᠯᠡ ᠮᠥᠩᠭᠦᠨ ᠤ ᠬᠠᠮᠢᠶᠠᠷᠤᠯᠳᠠ ᠶᠢ ᠴᠢᠩᠭᠠᠳᠬᠠᠨ ᠶᠠᠳᠠᠭᠤ ᠠᠴᠠ ᠠᠩᠭᠢᠵᠢᠷᠠᠭᠤᠯᠬᠤ ᠥᠷ᠎ᠠ ᠪᠥᠳᠥᠮᠵᠢ  ᠶᠢᠨ ᠨᠠᠶᠢᠳᠠᠪᠤᠷᠢᠳᠠᠢ ᠪᠠᠶᠢᠬᠤ ᠶᠢ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号