ᠮᠠᠨ ᠤ ᠬᠤᠰᠢᠭᠤ ᠤᠯᠠᠨ ᠢᠶᠠᠷ ᠢᠶᠠᠨ ᠤᠶᠢᠯᠡᠰ ᠪᠦᠳᠦᠭᠡᠵᠤ ᠳᠠᠶᠠᠭᠠᠷ ᠢᠶᠠᠨ ᠰᠢᠨ᠎ᠡ ᠶᠢ ᠡᠭᠦᠳᠴᠣ ᠠᠵᠤ ᠠᠬᠤᠢ ᠨᠠᠶᠢᠬᠡᠮ ᠤᠨ ᠬᠦᠭᠵᠢᠯᠳᠡ ᠳᠤ ᠬᠦᠴᠦᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2019-01-04
      ᠮᠠᠨ ᠤ ᠬᠤᠰᠢᠭᠤ ᠤᠯᠠᠨ ᠢᠶᠠᠷ ᠢᠶᠠᠨ ᠤᠶᠢᠯᠡᠰ ᠪᠦᠳᠦᠭᠡᠵᠤ ᠳᠠᠶᠠᠭᠠᠷ ᠰᠢᠨ᠎ᠡ ᠶᠢ ᠡᠭᠦᠳᠬᠦ ᠤᠷᠢᠶᠠᠯᠠᠭ᠎ᠠ ᠶᠢ ᠴᠤᠤᠷᠢᠶᠠᠳᠤᠨ ᠳᠠᠭᠠᠵᠤ᠂ ᠪᠤᠳᠠᠳᠤ ᠪᠠᠶᠢᠳᠠᠯ ᠲᠠᠢ ᠪᠠᠨ ᠣᠶᠠᠯᠳᠣᠭᠤᠯᠣᠨ ᠡᠯ᠎ᠡ ᠵᠣᠶᠢᠯ ᠤᠨ ᠦᠢᠯᠡᠰ ᠪᠣᠰᠬᠠᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠳᠣᠭᠲᠠᠭᠠᠨ ᠬᠡᠷᠡᠭᠵᠢᠭᠦᠯᠵᠦ ᠠᠵᠢᠯ ᠤᠯᠭᠤᠯᠳᠠ ᠢ ᠢᠳᠡᠪᠬᠢᠳᠠᠢ ᠠᠬᠢᠭᠤᠯᠣᠨ ᠠᠵᠤ ᠠᠬᠤᠢ ᠨᠠᠶᠢᠬᠡᠮ ᠤᠨ ᠬᠦᠭᠵᠢᠯᠳᠡ ᠳᠤ ᠬᠦᠴᠦᠨ ᠨᠡᠮᠡᠷᠢᠯᠡᠭᠰᠡᠨ ᠪᠠᠶᠢᠨ᠎ᠠ᠃      ᠤᠯᠤᠰ ᠳᠠᠶᠠᠭᠠᠷ ᠰᠦᠯᠵᠢᠶᠠᠨ ᠬᠤᠳᠠᠯᠳᠤᠭ᠎ᠠ ᠭᠡᠳ  ᠪᠤᠵᠢᠭᠢᠨᠡᠯᠳᠦᠭ᠌ᠰᠠᠨ ᠠᠷᠪᠠᠨ ᠬᠤᠶᠠᠳᠤᠭᠠᠷ ᠰᠠᠷ᠎ᠠ ᠶᠢᠨ ᠠᠷᠪᠠᠨ ᠬᠤᠶᠠᠷ ᠤᠨ ᠡᠳᠦᠷ ᠦᠩᠭᠡᠷᠡᠬᠦ ᠲᠠᠢ ᠵᠡᠷᠭᠡ ᠮᠠᠨ ᠤ ᠬᠤᠰᠢᠭᠤᠨ ᠤ ︽ᠪᠠᠶᠠᠵᠢᠯ︾ ᠡᠯᠧᠺᠲᠷᠤᠨ ᠬᠤᠳᠠᠯᠳᠤᠭᠠᠨ ᠤ ᠬᠢᠵᠠᠭᠠᠷᠳᠤ ᠺᠤᠮᠫᠠᠨᠢ ᠶᠢᠨ ᠬᠢᠨ ᠴᠤ ᠬᠦᠮᠦᠰ ᠤᠨ ᠰᠦᠯᠵᠢᠶᠠᠨ ᠳᠡᠭᠡᠷ᠎ᠡ ᠵᠠᠬᠢᠶᠠᠯᠠᠭᠰᠠᠨ ᠮᠠᠯ ᠲᠠᠷᠢᠶᠠᠯᠠᠩ ᠤᠨ ᠪᠦᠳᠦᠭᠡᠭᠳᠡᠬᠦᠨ ᠢ ᠭᠤᠪᠢᠭᠤᠯᠵᠤ ᠦᠭᠬᠦ ᠪᠠᠷ ᠶᠤᠰᠤᠳᠠᠢ ᠤᠨᠠᠭᠰᠠᠨ ᠮᠠᠯᠠᠭᠠᠢ ᠪᠠᠨ ᠠᠪᠬᠤ ᠵᠠᠪ ᠦᠭᠡᠢ ᠶᠠᠭᠠᠷᠠᠯᠳᠤᠵᠠᠭᠠᠨ᠎ᠠ᠃ ᠺᠤᠮᠫᠠᠨᠢ ᠶᠢᠨ ᠵᠠᠬᠢᠷᠤᠯ ᠤᠶᠤᠨᠰᠠᠩ 2006 ᠤᠨ ᠳᠤ ᠶᠠᠨ ᠠᠨ ᠳᠠᠬᠢ ᠪᠡᠶ᠎ᠡ ᠳᠠᠮᠢᠷ ᠤᠨ ᠳᠡᠭᠡᠳᠤ ᠰᠤᠷᠭᠠᠭᠤᠯᠢ ᠠᠴᠠ ᠲᠡᠭᠦᠰᠴᠤ ᠨᠤᠳᠤᠭ ᠲᠠᠭᠠᠨ ᠪᠤᠴᠠᠵᠤ ᠤᠶᠢᠯᠡᠰ ᠪᠦᠳᠦᠭᠡᠬᠦ ᠵᠠᠮ ᠢᠶᠠᠨ ᠡᠯᠭᠦᠭᠰᠡᠨ ᠶᠤᠮ᠃ ᠲᠦᠮᠡᠨ ᠠᠯᠬᠤᠮ ᠤᠨ ᠳᠦᠷᠦᠬᠦᠦ ᠠᠯᠬᠤᠮ ᠨᠢ ᠬᠥᠴᠢᠷ ᠭᠡᠳᠡᠭᠴᠢᠯᠡᠨ ᠤᠶᠤᠨᠰᠠᠩ ᠠᠩᠬ᠎ᠠ ᠨᠡᠶᠢᠭᠡᠮ ᠳᠤ ᠬᠥᠯ ᠲᠤᠭᠳᠠᠨ ᠳᠡᠯᠭᠡᠭᠦᠷ ᠨᠡᠭᠡᠭᠡᠵᠤ ᠶᠠᠪᠤᠬᠤ ᠳᠠᠭᠠᠨ ᠪᠡᠯᠡ ᠮᠥᠩᠭᠦ ᠳᠤᠳᠠᠭᠳᠠᠨ ᠪᠠᠶᠢᠰᠢᠩ ᠤᠨ ᠢᠶᠠᠨ ᠳᠦᠷᠢᠶᠡᠰᠤᠨ ᠮᠦᠩᠭᠦ ᠶᠢ ᠴᠦ ᠲᠤᠰᠢᠶᠠᠬᠤ ᠳᠤ ᠬᠦᠴᠢᠷᠳᠡᠵᠤ ᠪᠠᠶᠢᠭᠰᠠᠨ ᠪᠤᠯ ᠨᠢᠳᠤᠨᠤᠨ ᠬᠤᠰᠢᠭᠤᠨ ᠠᠴᠠ ᠲᠡᠳᠡᠨ  ᠤ ᠺᠤᠮᠫᠠᠨᠢ ᠶᠢ ᠦᠤᠰᠢᠨ ᠬᠤᠰᠢᠭᠤᠨ ᠤ ᠰᠢᠨ᠎ᠡ ᠶᠢ ᠡᠭᠦᠳᠴᠤ ᠤᠶᠢᠯᠡᠰ ᠪᠤᠰᠬᠠᠬᠤ ᠬᠦᠷᠢᠶᠡᠯᠡᠩ ᠳᠤ ᠰᠠᠭᠤᠷᠢᠰᠢᠭᠤᠯᠣᠭᠰᠠᠨ ᠨᠢ ᠶᠤᠰᠤᠳᠠᠢ ᠳᠠᠭᠠᠷᠠᠭᠰᠠᠨ ᠴᠠᠭ ᠲᠤ ᠳᠠᠬᠤ ᠬᠦᠷᠭᠡᠭᠰᠡᠨ ᠰᠢᠭ ᠰᠠᠶᠢᠬᠠᠨ ᠤᠴᠢᠷ ᠪᠣᠯᠣᠯ᠎ᠠ      ᠤᠶᠤᠨᠰᠠᠩ ᠢᠩᠭᠢᠵᠤ ᠰᠢᠨ᠎ᠡ ᠶᠢ ᠡᠭᠦᠳᠴᠤ ᠤᠶᠢᠯᠡᠰ ᠪᠤᠰᠬᠠᠬᠤ ᠬᠦᠷᠢᠶᠡᠯᠡᠩ ᠳᠤ ᠨᠤᠳᠤᠭᠰᠢᠨ ᠠᠷᠤ ᠲᠠᠯ᠎ᠠ  ᠶᠢᠨ ᠠᠵᠢᠯ ᠳᠤ ᠰᠠᠨᠠᠭ᠎ᠠ ᠵᠤᠪᠠᠭ᠋ᠤ ᠦᠭᠡᠢ ᠪᠤᠯᠤᠭᠰᠠᠨ ᠠᠴᠠ ᠺᠤᠮᠫᠠᠨᠢ ᠨᠢ ᠴᠤ ᠡᠳᠦᠷ ᠢᠷᠡᠬᠦᠶ᠎ᠡ ᠬᠥᠭᠵᠢᠨ ᠪᠤᠵᠠᠭᠠᠶᠢᠷᠠᠵᠤ᠂ ᠳᠤᠤᠷ᠎ᠠ ᠪᠠᠨ ᠳᠤᠯᠤᠭ᠎ᠠ ᠨᠠᠢᠮᠠᠨ ᠠᠵᠢᠯᠳᠠᠨ ᠲᠠᠢ ᠪᠤᠯᠤᠭᠰᠠᠨ ᠢᠶᠠᠷ ᠪᠠᠷᠠᠬᠤ ᠦᠭᠡᠢ ᠵᠢᠯ ᠤᠨ ᠰᠦᠯᠵᠢᠶᠡᠨ ᠪᠤᠷᠤᠯᠠᠭᠤᠯᠭ᠎ᠠ ᠨᠢ 300 ᠳᠦᠮᠡ ᠶᠢ ᠳᠠᠪᠠᠵᠤ᠂ ᠪᠤᠳᠠᠳᠤ ᠴᠤᠭᠴᠠᠳᠤ ᠳᠡᠯᠭᠡᠭᠦᠷ ᠨᠢ ᠬᠤᠶᠠᠷ 200 ᠳᠦᠭᠦᠷᠢᠭ ᠤᠨ ᠪᠤᠷᠤᠯᠠᠭᠤᠯᠭ᠎ᠠ ᠶᠢ ᠡᠭᠦᠳᠴᠦ ᠠᠰᠢᠭ ᠤᠷᠤᠯᠭ᠎ᠠ ᠨᠢ ᠰᠠᠶᠢᠨ ᠪᠤᠯᠪᠠ᠃ ᠵᠠᠯᠠᠭᠤ ᠤᠶᠤᠳᠠᠨ ᠤᠶᠤᠨᠰᠠᠩ ᠰᠢᠨ᠎ᠡ ᠶᠢ ᠡᠭᠦᠳᠴᠤ ᠤᠶᠢᠯᠡᠰ ᠪᠤᠰᠬᠠᠬᠤ ᠬᠦᠷᠢᠶᠡᠯᠡᠩ ᠳᠤ ᠨᠤᠳᠤᠭᠰᠢᠨ ᠤᠯᠵᠠ ᠤᠮᠤᠭ ᠲᠠᠢ ᠶᠠᠪᠤᠭ᠎ᠠ ᠪᠤᠯ ᠮᠠᠯᠴᠢᠨ ᠤᠶᠤᠨᠳᠤᠭᠤᠰ ᠬᠠᠷᠢᠨ ᠬᠤᠰᠢᠭᠤᠨ ᠤ ᠰᠤᠶᠤᠯ ᠤᠨ ᠪᠦᠳᠦᠭᠡᠯᠳᠡ ᠠᠵᠤ ᠤᠶᠢᠯᠡᠰ ᠤᠨ ᠬᠦᠷᠢᠶᠡᠯᠡᠩ  ᠳᠤ ᠰᠠᠭᠤᠷᠢᠰᠢᠨ ᠳᠤᠷᠠᠳᠠᠢ ᠠᠵᠢᠯ ᠳᠠᠭᠠᠨ ᠵᠢᠳᠬᠦᠨ ᠰᠡᠳᠬᠢᠯ ᠬᠠᠩᠬᠤᠯᠤᠭᠤᠨ ᠶᠠᠪᠤᠭ᠎ᠠ ᠨᠤᠳᠤᠭ ᠤᠨ ᠪᠤᠭᠤᠷᠤᠯ  ᠤᠨ ᠨᠢᠭᠡ ᠪᠤᠯᠬᠤ ᠶᠤᠮ᠃ ᠰᠦᠯᠳᠡ ᠰᠤᠮᠤᠨ ᠤ ᠪᠤᠷᠤᠭᠦ᠋ᠳᠡᠭᠡ ᠪᠠᠷ ᠨᠤᠳᠤᠭᠲᠠᠢ ᠮᠠᠯᠴᠢᠨ ᠤᠶᠤᠨᠳᠤᠭᠤᠰ ᠪᠠᠭ᠎ᠠ  ᠠᠴᠠ ᠪᠠᠨ ᠤᠶᠤᠵᠤ ᠤᠷᠠᠯᠠᠬᠤ ᠳᠤᠷᠠᠳᠠᠢ ᠪᠠᠶᠢᠵᠤ᠂ ᠤᠷᠳᠤᠰ ᠮᠠᠬᠠᠢ ᠤᠶᠤᠬᠤ ᠳᠤ ᠨᠡᠩ ᠴᠤ ᠮᠡᠷᠭᠡᠰᠢᠨ᠂ ᠤᠷᠳᠤᠰ ᠮᠠᠬᠠᠢ ᠤᠶᠤᠬᠤ ᠤᠷᠤᠨ ᠤ ᠲᠡᠰ ᠤᠨ ᠦᠪᠯᠡᠨ ᠤᠯᠠᠮᠵᠢᠯᠠᠭᠴᠢ ᠪᠣᠯᠵᠠᠢ᠃ ᠨᠠᠰᠤᠳᠠᠨ ᠤᠳᠤ ᠡᠨᠡᠬᠦ ᠮᠡᠷᠭᠡᠵᠢᠯ ᠢᠶᠠᠨ ᠨᠡᠩ ᠤᠯᠠᠨ ᠵᠠᠯᠠᠭᠤᠴᠤᠳ ᠲᠤ ᠥᠪᠯᠡᠨ ᠵᠠᠯᠭᠠᠮᠵᠢᠯᠠᠭᠤᠯᠬᠤ ᠪᠠᠷ ᠬᠤᠰᠢᠭᠤ ᠰᠤᠶᠤᠯ ᠤᠨ ᠪᠦᠳᠦᠭᠡᠯᠳᠡ ᠠᠵᠤ ᠤᠶᠢᠯᠡᠰ ᠤᠨ ᠬᠦᠷᠢᠶᠡᠯᠡᠩ ᠳᠤ ᠳᠡᠯᠭᠡᠭᠦᠷ ᠨᠡᠭᠡᠭᠡᠵᠤ᠂ ᠦᠲᠡᠯᠦᠭᠡ ᠨᠠᠰᠤ ᠪᠠᠨ ᠪᠠᠶᠠᠷ ᠵᠢᠷᠭᠠᠯ  ᠲᠠᠢ ᠦᠩᠭᠡᠷᠡᠭᠦᠯᠵᠤ ᠪᠠᠶᠢᠨ᠎ᠠ᠃      ᠤᠶᠢᠷ᠎ᠠ ᠶᠢᠨ ᠵᠢᠯ ᠳᠤ ᠮᠠᠨ ᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤᠯᠠᠨ ᠢᠶᠠᠷ ᠢᠶᠠᠨ ᠤᠶᠢᠯᠡᠰ ᠪᠦᠳᠦᠭᠡᠵᠤ᠂ ᠳᠠᠶᠠᠭᠠᠷ ᠢᠶᠠᠨ ᠰᠢᠨ᠎ᠡ ᠶᠢ ᠡᠭᠦᠳᠬᠦ ᠤᠷᠢᠶᠠᠯᠠᠭ᠎ᠠ ᠶᠢ ᠳᠠᠭᠠᠵᠤ᠂ ᠬᠤᠰᠢᠭᠤᠨ ᠤ ᠪᠠᠨ ᠪᠤᠳᠠᠳᠤ ᠪᠠᠶᠢᠳᠠᠯ ᠢ ᠦᠨᠳᠤᠰᠤᠯᠠᠨ ᠰᠢᠨ᠎ᠡ ᠶᠢ ᠡᠭᠦᠳᠴᠤ ᠤᠶᠢᠯᠡᠰ ᠪᠤᠰᠬᠠᠬᠤ ᠬᠦᠷᠢᠶᠡᠯᠡᠩ᠂ ᠰᠤᠶᠤᠯ ᠤᠨ ᠪᠦᠳᠦᠭᠡᠯᠳᠡ ᠠᠵᠤ ᠤᠶᠢᠯᠡᠰ ᠤᠨ ᠬᠦᠷᠢᠶᠡᠯᠡᠩ ᠵᠡᠷᠭᠡ ᠭᠤᠷᠪᠠᠨ ᠬᠦᠷᠢᠶᠡᠯᠡᠩ ᠪᠤᠯᠤᠨ ᠤᠶᠢᠯᠡᠰ ᠪᠦᠳᠦᠭᠡᠬᠦ ᠰᠠᠭᠤᠷᠢᠨ ᠭᠠᠵᠠᠷ᠂ ᠤᠳᠤᠬᠢᠴᠢᠯᠠᠭᠰᠠᠨ ᠵᠠᠬ᠎ᠠ ᠳᠡᠯᠭᠡᠭᠦᠷ ᠢ ᠳᠤᠰᠪᠤᠷᠢ ᠨᠢᠭᠡ ᠶᠢ ᠪᠠᠶᠢᠭᠤᠯᠵᠤ᠂ ᠤᠶᠢᠯᠡᠰ ᠪᠦᠳᠦᠭᠡᠬᠦ ᠬᠦᠰᠡᠯ ᠲᠠᠢ ᠶᠡᠭᠡ ᠳᠡᠭᠡᠳᠤ ᠰᠤᠷᠭᠠᠭᠤᠯᠢ ᠳᠡᠭᠦᠰᠦᠭᠰᠡᠨ ᠤᠶᠤᠳᠠᠳ ᠪᠤᠯᠤᠨ ᠨᠡᠶᠢᠭᠡᠮ ᠤᠨ ᠬᠦᠮᠦᠰ ᠲᠤ ᠠᠯᠪᠠᠯᠠᠬᠤ ᠭᠠᠵᠠᠷ᠂ ᠮᠠᠰᠢᠨ ᠮᠡᠷᠭᠡᠵᠢᠯ᠂ ᠠᠷᠤ ᠲᠠᠯ᠎ᠠ ᠶᠢᠨ ᠦᠢᠯᠡᠴᠢᠯᠡᠭᠡ ᠶᠢ ᠳᠦᠯᠦᠪᠤᠷᠢ ᠦᠭᠡᠢ ᠬᠠᠨᠭ᠍ᠭᠠᠵᠣ ᠦᠦᠰᠢᠨ ᠬᠤᠰᠢᠭᠤᠨ ᠤ ᠠᠵᠢᠯ ᠤᠯᠭᠤᠯᠳᠠ ᠶᠢᠨ ᠠᠵᠢᠯ ᠢ ᠢᠳᠡᠪᠬᠢᠳᠠᠢ ᠠᠬᠢᠭᠤᠯᠣᠨ ᠠᠵᠤ ᠠᠬᠤᠢ ᠨᠠᠶᠢᠬᠡᠮ ᠤᠨ ᠬᠦᠭᠵᠢᠯᠳᠡ ᠳᠤ ᠤᠷᠤᠯᠠᠭᠤᠯᠵᠤ ᠪᠤᠯᠤᠰᠢ ᠦᠭᠡᠢ ᠬᠦᠴᠦᠨ ᠨᠡᠮᠡᠷᠢᠯᠡᠵᠤ ᠴᠢᠳᠡᠭ᠌ᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号