ᠰᠢ ᠶᠢᠨ ᠫᠢᠩ᠄ ᠰᠢᠨ᠎ᠡ ᠭᠠᠷᠤᠭ᠎ᠠ ᠠᠴᠠ ᠴᠡᠷᠢᠭ ᠤᠨ ᠶᠠᠪᠣᠳᠠᠯ ᠤᠨ ᠲᠡᠮᠡᠴᠡᠯ ᠤᠨ ᠪᠡᠯᠡᠳᠭᠡᠯ ᠠᠵᠢᠯ ᠢ ᠰᠠᠶᠢᠲᠣᠷ ᠬᠢᠵᠦ ᠨᠠᠮ ᠪᠠ ᠠᠷᠠᠳ ᠲᠦᠮᠡᠨ ᠠᠴᠠ ᠲᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠡᠰ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2019-01-07
      ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠠᠵᠢᠯ ᠤᠨ ᠬᠤᠷᠠᠯ 4 ᠤ ᠡᠳᠤᠷ ᠪᠡᠬᠡᠵᠢᠩ ᠳᠤ ᠬᠤᠷᠠᠯᠳᠤᠪᠠ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ᠃ ᠰᠢ ᠶᠢᠨ ᠫᠢᠩ᠂ ᠪᠦᠬᠦ ᠴᠡᠷᠢᠭ ᠠᠩᠭᠢ ᠶᠢᠨ ᠬᠢᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠥ᠂ ᠰᠢᠨ᠎ᠡ ᠴᠠᠬ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠬᠦᠯᠬᠦ ᠦᠵᠡᠯ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠥ᠂ ᠰᠢᠨ᠎ᠡ ᠴᠠᠬ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠬᠦᠨᠵᠡᠬᠡᠢ ᠳᠤᠭᠤᠰᠢᠯᠠᠭᠤᠯᠵᠥ᠂ ᠰᠢᠨ᠎ᠡ ᠭᠠᠷᠤᠭ᠎ᠠ ᠠᠴᠠ ᠴᠡᠷᠢᠭ ᠳᠠᠶᠢᠨ ᠤ ᠳᠠᠮᠡᠴᠡᠯ ᠤᠨ ᠪᠡᠯᠡᠳᠬᠡᠯ ᠠᠵᠢᠯ ᠢ ᠰᠠᠶᠢᠳᠤᠷ ᠬᠢᠵᠥ᠂ ᠴᠡᠷᠢᠭ ᠢ ᠬᠦᠴᠦᠷᠬᠡᠭᠵᠢᠬᠦᠯᠬᠦ ᠦᠢᠯᠡᠰ ᠤᠨ ᠰᠢᠨ᠎ᠡ ᠪᠠᠶᠢᠳᠠᠯ ᠢ ᠨᠡᠭᠡᠭᠡᠬᠦ ᠬᠡᠷᠡᠭᠳᠡᠢ ᠬᠡᠵᠥ ᠴᠢᠬᠤᠯᠠᠴᠢᠯᠠᠪᠠ᠃
     ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠠᠵᠢᠯ ᠤᠨ ᠬᠤᠷᠠᠯ 4 ᠤ ᠡᠳᠤᠷ ᠪᠡᠬᠡᠵᠢᠩ ᠳᠤ ᠬᠤᠷᠠᠯᠳᠤᠪᠠ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ᠃       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ  
     ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠠᠵᠢᠯ ᠤᠨ ᠬᠤᠷᠠᠯ 4 ᠤ ᠡᠳᠤᠷ ᠪᠡᠬᠡᠵᠢᠩ ᠳᠤ ᠬᠤᠷᠠᠯᠳᠤᠪᠠ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ᠃ ᠵᠢᠷᠤᠭ ᠪᠤᠯ᠂ ᠬᠤᠷᠠᠯ ᠠᠴᠠ ᠡᠮᠦᠨ᠎ᠡ᠂ ᠰᠢ ᠶᠢᠨ ᠫᠢᠩ ᠪᠦᠬᠦ ᠴᠡᠷᠢᠭ ᠤᠨ ᠳᠠᠶᠢᠨ ᠳᠤ ᠪᠡᠯᠡᠳᠬᠡᠭᠰᠡᠨ ᠲᠠᠭᠤᠷᠢᠶᠠᠯ ᠨᠢᠬᠡᠴᠢ ᠶᠢᠨ ᠳᠦᠯᠦᠬᠡᠯᠡᠭᠴᠢ ᠪᠤᠯᠤᠨ ᠲᠠᠭᠤᠷᠢᠶᠠᠯ ᠬᠤᠪᠢ ᠬᠦᠮᠦᠨ ᠢ ᠳᠤᠳᠤᠨᠤ ᠪᠠᠷ ᠬᠦᠯᠢᠶᠡᠨ ᠠᠪᠴᠤ ᠠᠭᠤᠯᠵᠠᠵᠦ᠂ ᠳᠡᠳᠡᠨ ᠲᠠᠢ ᠬᠠᠮᠳᠤ ᠬᠡᠷᠡᠯ ᠵᠢᠷᠤᠬ ᠳᠠᠳᠠᠭᠤᠯᠤᠨ ᠳᠤᠷᠠᠰᠬᠠᠯ ᠦᠯᠡᠳᠡᠬᠡᠪᠡ᠃       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ      ᠰᠢ ᠶᠢᠨ ᠫᠢᠩ ᠶᠠᠷᠢᠶᠠᠨ ᠳᠠᠭᠠᠨ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠬᠡᠳᠡᠷᠡᠬᠡᠨ ᠪᠤᠳᠤᠯᠢᠶᠠᠨᠳᠠᠢ ᠤᠯᠤᠰ ᠤᠨ ᠳᠤᠳᠤᠭᠠᠳᠤ ᠭᠠᠳᠠᠭᠠᠳᠤ ᠶᠢᠨ ᠪᠠᠶᠢᠳᠠᠯ ᠪᠤᠯᠤᠨ ᠬᠠᠳᠠᠭᠤ ᠪᠡᠷᠬᠡ ᠴᠡᠷᠢᠭ ᠤᠨ ᠶᠠᠪᠤᠳᠠᠯ ᠤᠨ ᠡᠬᠦᠷᠬᠡ ᠳᠤ ᠬᠠᠨᠳᠤᠨ᠂ ᠨᠠᠮ ᠤᠨ ᠳᠦᠪ ᠬᠤᠷᠢᠶ᠎ᠠ ᠪᠤᠯᠤᠨ ᠳᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠴᠠᠭ ᠤᠨ ᠪᠠᠶᠢᠳᠠᠯ ᠢ ᠬᠢᠨᠠᠨ ᠰᠢᠨᠵᠢᠵᠥ᠂ ᠪᠦᠬᠦ ᠳᠠᠯ᠎ᠠ ᠶᠢ ᠵᠢᠯᠤᠭᠤᠲᠤᠨ᠂ ᠪᠦᠬᠦ ᠴᠡᠷᠢᠭ ᠢ ᠳᠠᠶᠢᠴᠢᠯᠠᠨ ᠡᠷᠡᠮᠡᠬᠡᠶᠢᠯᠡᠨ ᠤᠷᠤᠬᠰᠢᠯᠠᠵᠥ᠂ ᠬᠦᠴᠢᠷ ᠢ ᠳᠤᠭᠤᠯᠤᠨ ᠪᠠᠷᠬᠡ ᠶᠢ ᠳᠠᠪᠠᠵᠥ᠂ ᠴᠡᠷᠢᠭ ᠤᠨ ᠶᠠᠪᠤᠳᠠᠯ ᠤᠨ ᠠᠵᠢᠯ ᠳᠡᠮᠡᠴᠡᠯ ᠤᠨ ᠳᠤᠮᠳᠠ ᠴᠢᠩᠭᠠᠷᠠᠵᠥ᠂ ᠰᠢᠨ᠎ᠡ ᠶᠢ ᠡᠬᠦᠳᠬᠦ ᠳᠤᠮᠳᠠ ᠬᠦᠭᠵᠢᠵᠥ᠂ ᠠᠯᠢ ᠤᠯᠠᠨ ᠪᠡᠯᠬᠡ ᠳᠡᠮᠳᠡᠭ ᠤᠨ ᠴᠢᠨᠠᠷᠳᠠᠢ᠂ ᠡᠭᠦᠳᠦᠯᠲᠡ ᠶᠢᠨ ᠴᠢᠨᠠᠷᠳᠠᠢ᠂ ᠳᠡᠥᠬᠡᠳᠤ ᠴᠢᠨᠠᠷᠳᠠᠢ ᠴᠢᠬᠤᠯᠠ ᠠᠮᠵᠢᠯᠳᠠ ᠪᠦᠳᠦᠮᠵᠢ ᠤᠯᠪᠠ᠃ ᠪᠦᠬᠦ ᠴᠡᠷᠢᠭ ᠠᠩᠭᠢ ᠶᠢᠨ ᠬᠢᠨ ᠡᠷᠡᠰ ᠪᠠᠳᠤ ᠵᠤᠷᠢᠭ ᠰᠠᠨᠠᠭ᠎ᠠ ᠵᠠᠩ ᠴᠢᠨᠠᠷ᠂ ᠠᠮᠢᠳᠤᠯᠢᠭ ᠪᠠᠶᠢᠯᠳᠤᠬᠤ ᠪᠤᠳᠤᠯᠭ᠎ᠠ ᠶᠢᠨ ᠠᠷᠭ᠎ᠠ ᠪᠤᠳᠤᠯᠭ᠎ᠠ᠂ ᠬᠦᠴᠦᠨ ᠪᠦᠬᠦᠢ ᠴᠡᠷᠢᠭ ᠤᠨ ᠶᠠᠪᠤᠲᠠᠯ ᠤᠨ ᠠᠵᠢᠯᠯᠠᠭ᠎ᠠ ᠪᠠᠷ ᠢᠶᠠᠨ ᠤᠯᠤᠰ ᠤᠨ ᠡᠷᠬᠡ ᠮᠡᠳᠡᠯ᠂ ᠠᠮᠤᠷ ᠳᠦᠪᠰᠢᠨ᠂ ᠬᠦᠭᠵᠢᠯᠳᠡ ᠶᠢᠨ ᠠᠰᠢᠬ ᠳᠤᠰᠠ ᠶᠢ ᠡᠷᠡᠰ ᠬᠠᠮᠠᠭᠠᠯᠠᠵᠥ᠂ ᠨᠠᠷᠢᠨ ᠪᠤᠳᠤᠯᠢᠶᠠᠨᠳᠠᠢ ᠪᠠᠶᠢᠳᠠᠯ ᠪᠤᠯᠤᠨ ᠬᠦᠨᠳᠤ ᠬᠡᠴᠡᠭᠦᠤ ᠳᠡᠮᠡᠴᠡᠯ ᠤᠨ ᠬᠢᠨᠠᠨ ᠰᠢᠯᠭᠠᠯᠳᠠ ᠶᠢ ᠳᠠᠭᠠᠭᠠᠵᠥ ᠴᠢᠳᠠᠵᠠᠢ ᠬᠡᠵᠥ ᠵᠢᠭᠠᠵᠥ ᠭᠠᠷᠭᠠᠪᠠ᠃      ᠰᠢ ᠶᠢᠨ ᠫᠢᠡᠭ᠂ ᠤᠳᠤᠬᠠᠨ ᠤ ᠲᠡᠯᠡᠭᠡᠢ ᠳ᠋ᠠᠬᠢᠨ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠰᠤᠯᠲᠠ ᠶᠢᠨ ᠪᠠᠶᠢᠲᠠᠯ ᠳᠤ ᠳᠤᠯᠭᠠᠷᠠᠵᠥ᠂ ᠮᠠᠨ ᠤ ᠤᠯᠤᠰ ᠤᠨ ᠭᠦᠭᠵᠢᠯᠳᠠ ᠮᠦᠨ ᠴᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠤᠨ ᠬᠤᠭᠤᠴᠠᠭᠠᠨ ᠳᠤ ᠤᠷᠤᠰᠢᠵᠤ ᠪᠠᠶᠢᠬᠤ ᠶᠢᠨ ᠬᠠᠮᠳᠤ᠂ ᠡᠯ᠎ᠠ ᠵᠦᠢᠯ ᠤᠨ ᠲᠦᠰᠤᠭᠡᠯᠡᠵᠤ ᠲᠡᠶᠢᠯᠭᠦ ᠪᠠ ᠲᠦᠰᠤᠭᠡᠯᠡᠭᠦ ᠳᠤ ᠪᠡᠷᠭᠡ ᠲᠦᠭᠰᠢᠭᠦᠷᠢ ᠪᠤᠯᠤᠨ ᠦᠷᠢᠰᠤᠯᠳᠤᠭᠡᠨ ᠨᠡᠮᠡᠭᠳᠠᠵᠤ ᠪᠠᠶᠢᠨ᠎ᠠ᠃ ᠪᠦᠭᠦ ᠴᠡᠷᠢᠭ ᠠᠩᠬᠢ ᠶᠢᠨ ᠬᠢᠨ ᠮᠠᠨ ᠤ ᠤᠯᠤᠰ ᠤᠨ ᠠᠮᠤᠷ ᠲᠦᠪᠰᠢᠨ ᠪᠤᠯᠤᠨ ᠭᠦᠭᠵᠢᠯᠳᠠ ᠶᠢᠨ ᠶᠡᠭᠡ ᠬᠠᠨᠳᠤᠰᠢ ᠶᠢ ᠵᠦᠪ ᠲᠠᠨᠢᠵᠤ ᠡᠵᠡᠮᠳᠠᠵᠤ᠂ ᠰᠠᠨᠠᠭᠠᠰᠢᠷᠠᠬᠤ ᠤᠬᠠᠮᠰᠠᠷ᠂ ᠲᠦᠭᠰᠢᠭᠦᠷᠢ ᠶᠢᠨ ᠤᠬᠠᠮᠰᠠᠷ᠂ ᠲᠠᠶᠢᠨ ᠬᠢᠭᠦ ᠤᠬᠠᠮᠰᠠᠷ ᠢᠶᠠᠨ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠨ ᠡᠯ᠎ᠠ ᠵᠦᠢᠯ ᠤᠨ ᠪᠡᠯᠡᠳᠭᠡᠯ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠨᠠᠮ ᠪᠤᠯᠤᠨ ᠠᠷᠠᠳ ᠲᠦᠮᠡᠨ ᠠᠴᠠ ᠲᠠᠭᠠᠭᠠᠯᠭᠠᠭᠰᠠᠨ ᠡᠯ᠎ᠠ ᠵᠦᠢᠯ ᠤᠨ ᠡᠭᠦᠷᠭᠡ ᠬᠠᠷᠢᠭᠤᠴᠠᠯᠭ᠎ᠠ ᠶᠢ ᠡᠷᠡᠰ ᠪᠡᠶᠡᠯᠡᠭᠦᠯᠭᠦ ᠭᠡᠷᠡᠭᠳᠠᠢ ᠭᠡᠵᠤ ᠴᠢᠬᠤᠯᠠᠴᠢᠯᠠᠪᠠ᠃      ᠰᠢ ᠶᠢᠨ ᠫᠢᠡᠭ᠂ ᠰᠢᠨ᠎ᠠ ᠴᠠᠭ ᠦᠶ᠎ᠠ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠪᠤᠲᠠᠲᠠᠢ ᠪᠤᠯᠭᠠᠵᠤ᠂ ᠰᠢᠨ᠎ᠠ ᠴᠠᠭ ᠦᠶ᠎ᠠ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠲᠤᠲᠤᠷᠬᠠᠢ ᠪᠤᠯᠭᠠᠵᠤ᠂ ᠲᠠᠶᠢᠨ ᠳᠤ ᠪᠡᠯᠡᠳᠭᠡᠭᠦ ᠲᠠᠶᠢᠨ ᠬᠢᠭᠦ ᠶᠢ ᠵᠢᠯᠤᠭᠤᠳᠬᠤ ᠳᠤᠬᠢᠭᠤᠷ ᠢᠶᠠᠨ ᠪᠠᠲᠤᠲᠠᠢ ᠪᠤᠯᠭᠠᠵᠦ᠂ ᠲᠠᠶᠢᠨ ᠳᠤ ᠪᠡᠯᠡᠳᠬᠡᠬᠦ ᠲᠠᠶᠢᠨ ᠬᠢᠬᠦ ᠡᠭᠦᠷᠬᠡ ᠬᠠᠷᠢᠭᠤᠴᠠᠯᠭ᠎ᠠ ᠪᠠᠨ ᠳᠤᠳᠤᠷᠬᠠᠢ ᠪᠤᠯᠭᠠᠬᠤ ᠭᠡᠷᠡᠭᠳᠠᠢ᠃ ᠪᠠᠶᠢᠯᠳᠤᠭᠠᠨ ᠬᠢᠭᠦ ᠠᠩᠬᠢ ᠶᠢᠨ ᠦᠵᠡᠯ ᠰᠠᠨᠠᠭ᠎ᠠ ᠶᠢ ᠴᠢᠩᠭᠠᠳᠬᠠᠵᠤ᠂ ᠪᠠᠶᠢᠯᠳᠤᠬᠤ ᠬᠦᠴᠦᠨ ᠭᠡᠮᠡᠭᠦ ᠡᠨᠡ ᠭᠦ ᠴᠤᠷ ᠤᠨ ᠭᠠᠭᠴᠠ ᠦᠨᠳᠤᠰᠤᠨ ᠪᠠᠷᠢᠮᠵᠢᠶ᠎ᠠ ᠶᠢ ᠪᠠᠷᠢᠮᠳᠠᠯᠠᠵᠤ᠂ ᠡᠯ᠎ᠠ ᠵᠦᠢᠯ ᠤᠨ ᠠᠵᠢᠯ ᠪᠤᠯᠤᠨ ᠪᠦᠲᠦᠭᠡᠨ ᠪᠠᠶᠢᠭᠤᠯᠤᠯᠳᠠ᠂ ᠡᠯ᠎ᠠ ᠲᠠᠯ᠎ᠠ ᠶᠢᠨ ᠭᠦᠴᠤᠨ ᠪᠤᠯᠤᠨ ᠡᠬᠢ ᠪᠠᠶᠠᠯᠢᠬ ᠢ ᠪᠦᠷ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠭᠡᠯ ᠳᠤ ᠲᠦᠪᠯᠡᠷᠡᠭᠦᠯᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠭᠡᠯ ᠳᠤ ᠦᠢᠯᠠᠴᠢᠯᠡᠭᠦᠯᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠭᠡᠯ ᠠᠵᠢᠯ ᠤᠨ ᠶᠡᠭᠡ ᠪᠠᠷ ᠴᠢᠩᠭᠠᠷᠠᠬᠤ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠡᠭ᠂ ᠲᠠᠶᠢᠨ ᠪᠤᠯᠤᠨ ᠪᠠᠶᠢᠯᠳᠤᠭᠠᠨ ᠬᠢᠭᠦ ᠲᠦᠯᠦᠪᠵᠢᠭᠦᠯᠭᠡ ᠶᠢ ᠭᠦᠨᠵᠡᠭᠡᠶᠢᠷᠡᠭᠦᠯᠵᠤ᠂ ᠤᠴᠢᠷ ᠶᠠᠪᠤᠲᠠᠯ ᠡᠭᠦᠰᠦᠭᠰᠡᠭᠡᠷ ᠦᠳᠳᠡᠷ ᠲᠦᠷᠭᠡᠨ ᠪᠦᠳᠤᠮᠵᠢᠳᠠᠢ ᠠᠷᠭᠠᠴᠠᠭᠠᠬᠤ ᠶᠢ ᠪᠠᠳᠤᠯᠠᠬᠤ ᠭᠡᠷᠡᠭᠳᠠᠢ᠃ ᠬᠤᠯᠪᠤᠭᠠᠯᠠᠨ ᠲᠠᠶᠢᠨ ᠬᠢᠭᠦ ᠶᠢ ᠵᠢᠯᠤᠭᠤᠳᠬᠤ ᠰᠢᠰᠲ᠋ᠧᠮ ᠤᠨ ᠪᠠᠶᠢᠭᠤᠯᠤᠯᠳᠠ ᠶᠢ ᠲᠦᠷᠭᠡᠪᠴᠢᠯᠡᠨ ᠠᠬᠢᠭᠤᠯᠵᠤ᠂ ᠬᠤᠯᠪᠤᠭᠠᠯᠠᠨ ᠲᠠᠶᠢᠨ ᠬᠢᠭᠦ ᠶᠢ ᠵᠢᠯᠤᠭᠤᠳᠬᠤ ᠴᠢᠳᠠᠪᠤᠷᠢ ᠶᠢ ᠲᠡᠭᠡᠭᠰᠢᠯᠡᠭᠦᠯᠭᠦ ᠭᠡᠷᠡᠭᠳᠠᠢ᠃      ᠰᠢᠨ᠎ᠠ ᠮᠠᠶ᠋ᠢᠬ ᠤᠨ ᠪᠠᠶᠢᠯᠳᠤᠬᠤ ᠬᠦᠴᠦᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠰᠢᠨ᠎ᠠ ᠴᠢᠨᠠᠷ ᠴᠢᠨᠰᠠᠭ᠎ᠠ ᠪᠦᠬᠦᠢ ᠪᠠᠶᠢᠯᠳᠤᠬᠤ ᠬᠦᠴᠦᠨ ᠤ ᠬᠠᠷᠢᠴᠠᠯ ᠢ ᠨᠡᠮᠡᠭᠳᠡᠬᠦᠯᠬᠦ ᠬᠡᠷᠡᠭᠳᠡᠢ᠃ ᠦᠨᠡᠨ ᠪᠠᠶᠢᠯᠳᠤᠭᠠᠨᠴᠢᠯᠠᠬᠰᠠᠨ ᠴᠡᠷᠢᠭ ᠤᠨ ᠶᠠᠪᠤᠳᠠᠯ ᠤᠨ ᠰᠤᠷᠢᠯᠳᠠ ᠶᠢ ᠶᠡᠭᠡ ᠪᠠᠷ ᠠᠳᠬᠤᠵᠦ᠂ ᠴᠡᠷᠢᠭ ᠢ ᠪᠤᠯᠪᠠᠰᠤᠷᠠᠭᠤᠯᠤᠨ ᠳᠠᠶᠢᠨ ᠳᠤ ᠪᠡᠯᠡᠳᠬᠡᠬᠦ ᠶᠠᠰᠤ ᠴᠢᠨᠠᠷ ᠪᠤᠯᠤᠨ ᠬᠢᠷᠢ ᠳᠦᠪᠰᠢᠨ ᠢ ᠳᠡᠬᠡᠭᠰᠢᠯᠡᠬᠦᠯᠬᠦ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠳᠤᠪᠤᠶᠢᠮ᠎ᠠ ᠪᠠᠶᠢᠭ᠎ᠠ ᠲᠤᠲᠠᠭᠤᠲᠠᠯ ᠪᠤᠯᠤᠨ ᠪᠠᠭᠤᠷᠠᠢ ᠳᠠᠯ᠎ᠠ ᠶᠢ ᠴᠢᠩᠭ᠎ᠠ ᠠᠳᠬᠤᠵᠦ᠂ ᠦᠷᠬᠦᠯᠵᠢᠯᠡᠨ ᠬᠦᠴᠦᠯᠡᠨ ᠬᠢᠵᠦ᠂ ᠠᠰᠠᠭᠤᠳᠠᠯ ᠤᠳ ᠢ ᠨᠢᠬᠡᠳ ᠨᠢᠬᠡ ᠪᠠᠷ ᠰᠢᠢᠳᠪᠤᠷᠢᠯᠡᠵᠦ᠂ ᠪᠤᠲᠠᠲᠠᠢ ᠦᠷ᠎ᠡ ᠪᠦᠳᠦᠮᠵᠢ ᠤᠯᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠦ ᠴᠢᠬᠤᠯᠠᠴᠢᠯᠠᠪᠠ᠃      ᠰᠢ ᠶᠢᠨ ᠫᠢᠩ᠂ ᠳᠦᠪ ᠤᠨ ᠪᠠ ᠳᠦᠷᠦ ᠶᠢᠨ ᠪᠠᠶᠢᠭᠤᠯᠭ᠎ᠠ ᠶᠢᠨ ᠡᠯ᠎ᠠ ᠰᠠᠯᠠᠭ᠎ᠠ ᠮᠦᠴᠢᠷ᠂ ᠤᠷᠤᠨ ᠨᠤᠳᠤᠬ ᠤᠨ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠡᠷᠬᠡᠪᠰᠢ ᠤᠯᠤᠰ ᠤᠨ ᠪᠠᠳᠤᠯᠡᠨ ᠬᠠᠮᠠᠭᠠᠯᠠᠯᠳᠠ ᠪᠤᠯᠤᠨ ᠴᠡᠷᠢᠭ ᠠᠩᠬᠢ ᠶᠢᠨ ᠪᠦᠳᠦᠬᠡᠨ ᠪᠠᠶᠢᠭᠤᠯᠤᠯᠳᠠ ᠶᠢ ᠳᠡᠮᠵᠢᠵᠦ᠂ ᠮᠠᠨ ᠤ ᠡᠨᠡ ᠬᠦ ᠡᠷᠡᠯᠬᠡᠭ ᠪᠠᠭᠠᠳᠤᠷᠯᠢᠬ ᠠᠷᠠᠳ ᠤᠨ ᠴᠡᠷᠢᠭ ᠠᠩᠬᠢ ᠪᠠᠨ ᠨᠡᠩ ᠬᠦᠴᠦᠷᠬᠡᠭ ᠶᠡᠭᠡ᠂ ᠨᠡᠩ ᠳᠠᠶᠢᠴᠢᠨ ᠬᠦᠴᠦᠨ ᠲᠠᠢ ᠪᠤᠯᠭᠠᠨ ᠪᠦᠳᠦᠬᠡᠨ ᠪᠠᠶᠢᠭᠤᠯᠬᠤ ᠬᠡᠷᠡᠭᠳᠡᠢ ᠬᠡᠵᠦ ᠵᠢᠭᠠᠵᠦ ᠭᠠᠷᠭᠠᠪᠠ᠃      ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠳ᠋ ᠳᠡᠷᠢᠬᠦᠯᠡᠭᠴᠢ ᠰᠢᠤᠢ ᠴᠢ ᠯᠢᠶᠠᠩ ᠬᠤᠷᠠᠯ ᠢ ᠡᠷᠬᠢᠯᠡᠪᠡ᠃ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠲᠤᠪᠴᠢᠶᠠᠨ ᠤ ᠬᠡᠰᠢᠬᠦᠨ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠳ᠋ ᠳᠡᠷᠢᠬᠦᠯᠡᠭᠴᠢ ᠵᠠᠩ ᠶᠢᠦ ᠰᠢᠶᠠ ︽ᠪᠦᠬᠦ ᠴᠡᠷᠢᠭ ᠤᠨ ᠳᠠᠶᠢᠨ ᠳᠤ ᠪᠡᠯᠡᠳᠬᠡᠭᠰᠡᠨ ᠲᠠᠭᠤᠷᠢᠶᠠᠯ ᠨᠢᠬᠡᠴᠢ ᠪᠤᠯᠤᠨ ᠬᠤᠪᠢ ᠬᠦᠮᠦᠨ ᠢ ᠬᠦᠬᠢᠬᠦᠯᠦᠨ ᠰᠠᠶᠢᠰᠢᠶᠠᠬᠤ ᠳᠤᠬᠠᠢ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠠᠷᠯᠠᠯ︾ ᠢ ᠤᠩᠰᠢᠨ ᠨᠠᠶᠢᠳᠠᠯᠠᠵᠦ᠂ ᠪᠦᠬᠦ ᠴᠡᠷᠢᠭ ᠤᠨ ᠳᠠᠶᠢᠨ ᠳᠤ ᠪᠡᠯᠡᠳᠬᠡᠭᠰᠡᠨ 10 ᠲᠠᠭᠤᠷᠢᠶᠠᠯ ᠨᠢᠬᠡᠴᠢ᠂ ᠪᠦᠬᠦ ᠴᠡᠷᠢᠭ ᠤᠨ ᠳᠠᠶᠢᠨ ᠳᠤ ᠪᠡᠯᠡᠳᠬᠡᠭᠰᠡᠨ 20 ᠲᠠᠭᠤᠷᠢᠶᠠᠯ ᠬᠤᠪᠢ ᠬᠦᠮᠦᠨ ᠢ ᠬᠦᠬᠢᠬᠦᠯᠦᠨ ᠰᠠᠶᠢᠰᠢᠶᠠᠪᠠ᠃ ᠰᠢ ᠶᠢᠨ ᠫᠢᠩ ᠨᠠᠷ ᠬᠦᠬᠢᠬᠦᠯᠦᠨ ᠰᠠᠶᠢᠰᠢᠶᠠᠬᠳᠠᠬᠰᠠᠨ ᠬᠦᠮᠦᠰ ᠲᠤ ᠱᠠᠩᠨᠠᠯ ᠤᠯᠭᠤᠪᠠ᠃      ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠡᠰᠢᠬᠦᠨ ᠸᠧᠢ ᠹᠧᠩ ᠡᡁᠧ᠂ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠨ ᠬᠤᠷᠠᠯ ᠳᠤ ᠤᠷᠤᠯᠴᠠᠪᠠ᠃ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠠ ᠰᠠᠯᠠᠭ᠎ᠠ ᠮᠦᠴᠢᠷ᠂ ᠪᠦᠬᠦ ᠴᠡᠷᠢᠭ ᠤᠨ ᠡᠯ᠎ᠠ ᠶᠡᠭᠡ ᠨᠢᠬᠡᠴᠢ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃      ᠬᠤᠷᠠᠯ ᠠᠴᠠ ᠡᠮᠤᠨ᠎ᠠ᠂ ᠰᠢ ᠶᠢᠨ ᠫᠢᠩ ᠪᠦᠬᠦ ᠴᠡᠷᠢᠭ ᠤᠨ ᠳᠠᠶᠢᠨ ᠳᠤ ᠪᠡᠯᠡᠳᠬᠡᠭᠰᠡᠨ ᠲᠠᠭᠤᠷᠢᠶᠠᠯ ᠨᠢᠬᠡᠴᠢ ᠶᠢᠨ ᠳᠦᠯᠦᠬᠡᠯᠡᠭᠴᠢ ᠪᠤᠯᠤᠨ ᠲᠠᠭᠤᠷᠢᠶᠠᠯ ᠬᠤᠪᠢ ᠬᠦᠮᠦᠨ ᠢ ᠳᠤᠳᠤᠨᠤ ᠪᠠᠷ ᠬᠦᠯᠢᠶᠡᠨ ᠠᠪᠴᠤ ᠠᠭᠤᠯᠵᠠᠵᠦ ᠂ ᠳᠡᠳᠡᠨ ᠲᠠᠢ ᠬᠠᠮᠳᠤ ᠬᠡᠷᠡᠯ ᠵᠢᠷᠤᠬ ᠳᠠᠳᠠᠭᠤᠯᠤᠨ ᠳᠤᠷᠠᠰᠬᠠᠯ ᠦᠯᠡᠳᠡᠬᠡᠪᠡ᠃ ᠰᠢ ᠶᠢᠨ ᠫᠢᠩ ᠳᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ 2019 ᠤᠨ ᠤ 1 ᠳ᠋ᠤᠬᠡᠷ ᠳᠤᠭᠠᠳᠤ ᠵᠠᠷᠯᠢᠬ ᠲᠤ ᠭᠠᠷ ᠤᠨ ᠦᠰᠦᠭ ᠵᠢᠷᠤᠵᠦ᠂ ᠪᠦᠬᠦ ᠴᠡᠷᠢᠭ ᠲᠤ ᠰᠤᠷᠢᠯᠳᠠ ᠡᠬᠢᠯᠡᠬᠦ ᠳᠠᠶᠢᠴᠢᠯᠠᠯᠳᠠ ᠶᠢᠨ ᠵᠠᠷᠯᠢᠬ ᠪᠠᠭᠤᠯᠭᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号