ᠪᠦᠬᠦ ᠬᠤᠲᠠ ᠶᠢᠨ ᠠᠩᠬᠠᠳᠤᠭᠠᠷ ᠤᠳᠠᠭᠠᠨ ᠤ ᠠᠷᠠᠳ ᠤᠨ ᠤᠷᠠᠯᠢᠭᠴᠢᠳ ᠤᠨ ᠤᠷᠠᠨ ᠰᠠᠶᠢᠬᠠᠨ ᠤ ᠲᠤᠭᠯᠠᠯᠳᠠ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-01-08
     ᠤᠶᠢᠷ᠎ᠠ ᠶᠢᠨ ᠡᠳᠦᠷ᠂ ᠤᠷᠳᠤᠰ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ︽ᠨᠠᠭᠠᠳᠤᠮ︾ ᠲᠡᠯᠭᠡᠴᠡ  ᠶᠢᠨ ᠰᠠᠷ᠎ᠠ ᠰᠢᠨ᠎ᠡ ᠶᠢᠨ ᠪᠠᠶᠠᠷ ᠲᠤ ᠵᠤᠷᠢᠭᠤᠯᠤᠭᠰᠠᠨ ︽ᠥᠨᠢ ᠮᠥᠩᠭᠡ ᠶᠢᠨ ᠲᠠᠭᠤᠷᠢᠰᠬᠤᠯᠠᠩ︾ ᠪᠦᠬᠦ ᠬᠤᠲᠠ  ᠶᠢᠨ ᠠᠩᠬᠠᠳᠤᠭᠠᠷ ᠤᠳᠠᠭᠠᠨ ᠤ ᠠᠷᠠᠳ ᠤᠨ ᠤᠷᠠᠯᠢᠭᠴᠢᠳ ᠤᠨ ᠤᠷᠠᠨ ᠰᠠᠶᠢᠬᠠᠨ ᠤ ᠲᠤᠭᠯᠠᠯᠳᠠ ᠮᠠᠨ ᠤ ᠬᠤᠰᠢᠭᠤᠨ ᠤ ᠭᠠᠯᠠᠭᠤᠲᠤ ᠪᠠᠯᠭᠠᠰᠤᠨ ᠤ ᠪᠠᠶ᠋ᠬᠠᠦ᠋ᠨᠳᠦᠷ ᠭᠠᠴᠠᠭᠠᠨ ᠤ ᠮᠦᠷᠡᠨ ᠮᠠᠯᠴᠢᠨ ᠠᠶᠢᠯ ᠤᠨ ᠵᠤᠭᠠᠴᠠᠯ ᠤᠨ ᠭᠠᠵᠠᠷ ᠲᠤ ᠶᠠᠪᠤᠭᠳᠠᠪᠠ᠃ ᠪᠦᠬᠦ ᠬᠤᠲᠠ ᠶᠢᠨ ᠡᠯ᠎ᠡ ᠬᠤᠰᠢᠭᠤ ᠠᠴᠠ ᠭᠥᠷᠥᠯᠴᠠᠨ ᠢᠷᠡᠭᠰᠠᠨ 150 ᠭᠠᠷᠤᠢ ᠠᠷᠠᠳ ᠤᠨ ᠤᠷᠠᠯᠢᠭᠴᠢᠨ ᠣᠷᠣᠯᠴᠠᠭᠰᠠᠨ ᠪᠠᠶᠢᠨ᠎ᠠ᠃
     ᠲᠤᠭᠯᠠᠯᠲᠠ ᠳᠤ ᠠᠷᠠᠳ ᠤᠨ ᠤᠷᠠᠯᠢᠭᠴᠢᠳ ᠠᠴᠠ ᠲᠠᠭᠤᠤ᠂ ᠪᠦᠵᠢᠭ᠂ ᠰᠢᠯᠦᠭ᠂ ᠢᠷᠦᠭᠡᠯ ᠮᠠᠭᠲᠠᠭᠠᠯ᠂   ᠬᠤᠪᠴᠠᠰᠤᠨ ᠦᠵᠡᠭᠦᠯᠥᠯᠭᠡ᠂ ᠤᠷᠠᠨ ᠪᠢᠴᠢᠯᠭᠡ᠂ ᠬᠠᠶᠢᠴᠢᠯᠠᠮᠠᠯ ᠵᠡᠷᠭᠡ ᠤᠷᠠᠨ ᠪᠦᠲᠦᠭᠡᠯ ᠢᠶᠠᠨ ᠰᠤᠨᠢᠷᠬᠠᠭᠤᠯᠤᠨ ᠠᠷᠠᠳ ᠤᠨ ᠤᠷᠠᠯᠢᠭ ᠤᠨ ᠷᠢᠳᠢ ᠰᠢᠳᠢ ᠶᠢ ᠭᠠᠶᠢᠬᠠᠭᠤᠯᠤᠯ᠎ᠠ᠃ ᠤᠲᠤᠭ ᠤᠨ ᠡᠮᠦᠨᠡᠲᠦ ᠬᠤᠰᠢᠭᠤᠨ ᠤ ᠢᠷᠦᠭᠡᠯ ᠮᠠᠭᠲᠠᠭᠠᠯ ᠤᠨ ᠰᠤᠶᠤᠯ ᠤᠨ ᠨᠡᠶᠢᠬᠡᠮᠯᠢᠭ ᠪᠤᠯᠤᠨ ᠡᠵᠡᠨ ᠬᠤᠷᠤᠭ᠎ᠠ ᠬᠤᠰᠢᠭᠤᠨ ᠤ ᠦᠨᠳᠡᠭᠡᠨ ᠴᠠᠭᠠᠨ ᠤ ᠦᠥᠷᠰᠡᠯ ᠦᠨᠳᠦᠰᠦᠲᠡᠨ ᠤ ᠰᠤᠶᠤᠯ ᠤᠷᠠᠯᠢᠭ ᠤᠨ ᠨᠡᠶᠢᠬᠡᠮᠯᠢᠭ ᠤᠨ ︽ᠤᠷᠳᠤᠰ ᠬᠤᠷᠢᠮ ᠤᠨ ᠨᠡᠷ᠎ᠡ ᠵᠢᠯ ᠭᠤᠶᠤᠬᠤ ᠶᠤᠰᠤᠨ ︾ ᠪᠠ ︽ᠬᠤᠯᠪᠤᠭ᠎ᠠ — ᠡᠪ ᠬᠠᠮᠲᠤ ᠨᠠᠮ ᠢᠶᠠᠨ ᠮᠠᠭᠲᠠᠨ ᠲᠠᠭᠤᠯᠠᠶ᠎ᠠ︾ ᠭᠡᠬᠦ ᠲᠤᠭᠯᠠᠯᠲᠠ ᠨᠢ ᠬᠤᠷᠠᠭᠰᠠᠨ ᠤᠯᠠᠨ ᠲᠠᠶᠠᠭᠠᠷ ᠤᠨ ᠠᠩᠬᠠᠷᠤᠯ ᠢ ᠶᠡᠭᠡ ᠲᠠᠲᠠᠵᠤ ᠪᠠᠶᠢᠯ᠎ᠠ᠃
     ᠪᠦᠬᠦ ᠬᠤᠲᠠ ᠶᠢᠨ ᠠᠩᠬᠠᠳᠤᠭᠠᠷ ᠤᠳᠠᠭᠠᠨ ᠤ ᠠᠷᠠᠳ ᠤᠨ ᠤᠷᠠᠯᠢᠭᠴᠢᠳ ᠤᠨ ᠨᠠᠶᠢᠷ ᠢ ᠮᠦᠷᠡᠨ ᠮᠠᠯᠴᠢᠨ ᠠᠶᠢᠯ ᠤᠨ ᠵᠤᠭᠠᠴᠠᠯ ᠤᠨ ᠭᠠᠵᠠᠷ ᠠᠴᠠ ᠭᠤᠤᠯᠯᠠᠨ ᠡᠷᠬᠢᠯᠡᠵᠦ ᠮᠠᠨ ᠤ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠤᠭᠤᠶᠢᠯᠠᠩ ᠠᠴᠠ ᠬᠠᠪᠰᠤᠷᠴᠤ ᠡᠷᠬᠢᠯᠡᠨ ᠤᠷᠳᠤᠰ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ︽ᠨᠠᠭᠠᠳᠤᠮ︾ ᠲᠡᠯᠭᠡᠴᠡ ᠲᠠᠭᠠᠭᠠᠴᠢᠯᠠᠵᠤ ᠡᠷᠬᠢᠯᠡᠭᠰᠡᠨ ᠪᠠᠶᠢᠨ᠎ᠠ᠃ ᠤᠷᠠᠨ ᠰᠠᠶᠢᠬᠠᠨ ᠤ ᠲᠤᠭᠯᠠᠯᠲᠠ ᠳᠡᠭᠡᠷ᠎ᠡ ᠪᠠᠰᠠ ᠬᠤᠰᠢᠭᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠤᠭᠤᠶᠢᠯᠠᠩ ᠠᠴᠠ ᠬᠠᠶᠢᠷ᠎ᠠ  ᠶᠢᠨ ᠬᠠᠨᠳᠢᠪ ᠭᠥᠷᠭᠡᠭᠦ ᠠᠵᠢᠯᠯᠠᠭ᠎ᠠ ᠥᠷᠨᠢᠭᠦᠯᠵᠤ ᠬᠤᠰᠢᠭᠤ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠦᠴᠢᠷᠲᠡᠯᠲᠡᠢ ᠰᠤᠷᠤᠭᠴᠢᠳ ᠲᠤ 5000 ᠲᠦᠭᠦᠷᠢᠭ ᠤᠨ ᠲᠤᠰᠠᠯᠠᠮᠵᠢ ᠬᠦᠷᠲᠡᠭᠡᠭᠰᠡᠨ ᠪᠠᠶᠢᠨ᠎ᠠ
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号