ᠮᠠᠨ ᠤ ᠬᠤᠰᠢᠭᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠳᠠᠭᠤᠷᠢᠶᠠᠯ ᠣᠷᠣᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2019-01-08
     ᠣᠶᠢᠷ᠎ᠠ ᠳᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠠᠯ ᠠᠴᠠ ᠵᠢᠷᠭᠤᠳᠤᠭᠠᠷ ᠪᠦᠯᠦᠭ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ︵ᠪᠠᠶᠢᠭᠤᠯᠭ᠎ᠠ ᠨᠢᠭᠡᠴᠢ︶ ᠤ ᠨᠡᠷᠡᠰ ᠢ ᠨᠡᠶᠢᠲᠡᠯᠡᠵᠦ ᠥᠪᠥᠷ ᠮᠣᠩᠭᠤᠯ ᠣᠷᠣᠨ ᠠᠴᠠ ᠶᠢᠰᠦᠨ ᠪᠠᠶᠢᠭᠤᠯᠭ᠎ᠠ ᠨᠢᠭᠡᠴᠢ ᠡᠨᠡᠬᠦ ᠨᠡᠷᠡᠰ ᠲᠤ ᠵᠢᠭᠰᠠᠭᠠᠭᠳᠠᠵᠤ ᠣᠷᠳᠣᠰ ᠬᠤᠲᠠ ᠠᠴᠠ ᠳ᠋ᠦᠩᠱᠧᠩ ᠲᠣᠭᠤᠷᠢᠭ ᠪᠣᠯᠣᠨ ᠮᠠᠨ ᠤ ᠬᠤᠰᠢᠭᠤ ᠡᠨᠡᠬᠦ ᠨᠡᠷᠡᠰ ᠲᠤ ᠵᠢᠭᠰᠠᠭᠠᠭᠳᠠᠭᠰᠠᠨ ᠪᠠᠶᠢᠨ᠎ᠠ᠃      ᠮᠠᠨ ᠤ ᠬᠤᠰᠢᠭᠤᠨ ᠳᠤ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 17 ᠦᠨᠳᠦᠰᠦᠲᠡᠨ ᠤ 13.34 ᠲᠦᠮᠡᠨ ᠬᠥᠮᠥᠨ ᠠᠵᠤ ᠲᠥᠷᠥᠨ ᠠᠮᠢᠳᠤᠷᠠᠵᠤ ᠴᠥᠭᠡᠨ ᠲᠣᠭᠠᠲᠤ ᠦᠨᠳᠦᠰᠦᠲᠡᠨ ᠤ ᠡᠵᠡᠯᠡᠬᠦ ᠬᠠᠷᠢᠴᠠᠯ ᠨᠢ 30% ᠳᠤ ᠬᠦᠷᠴᠦ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠃ ᠤᠳᠠᠭᠠᠨ ᠵᠢᠯ ᠤᠨ ᠲᠤᠷᠰᠢ ᠮᠠᠨ ᠤ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠴᠢᠬᠤᠯᠠᠴᠢᠯᠠᠨ ᠠᠳᠬᠤᠵᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠤᠳᠤᠷᠢᠳᠤᠨ ᠬᠠᠷᠢᠭᠤᠴᠠᠵᠤ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠠᠵᠢᠯ ᠤᠨ ᠲᠣᠭᠲᠠᠴᠠ ᠶᠢ ᠪᠦᠷᠢᠯᠳᠦᠭᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号