| | | | | 2019 ᠤᠨ ᠤ ᠴᠠᠭᠠᠨ ᠰᠠᠷ᠎ᠠ ᠭᠥᠷᠴᠤ ᠢᠷᠠᠭᠦ ᠪᠠᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ | ᠪᠥᠭᠦ ᠬᠤᠰᠢᠭᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠴᠠᠭᠠᠨ ᠰᠠᠷ᠎ᠠ ᠪᠠᠨ ᠤᠭᠳᠤᠬᠤ ᠰᠠᠭᠤᠳᠠᠯ | ᠤᠨ ᠬᠤᠷᠠᠯ ᠬᠤᠷᠠᠯᠳᠤᠭᠤᠯᠵᠤ᠂ ᠠᠬᠠᠮᠠᠳ ᠤᠳᠤᠷᠢᠳᠤᠯᠭ᠎ᠠ ᠠᠬᠠᠮᠠᠳ ᠺᠠᠳ᠋ᠷᠴᠤᠳ ᠲᠠᠢ ᠬᠠᠮᠳᠤᠪᠠᠷ ᠵᠢᠯ ᠴᠠᠭᠠᠨ | ᠰᠠᠷ᠎ᠠ ᠪᠠᠨ ᠤᠭᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ | ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ | ᠤᠯᠤᠰ ᠲᠥᠷᠥ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠪᠤᠯᠤᠨ | ᠬᠤᠰᠢᠭᠤ ᠲᠥᠷᠪᠡᠨ ᠶᠡᠭᠡ ᠤᠳᠤᠷᠢᠳᠬᠤ ᠪᠠᠭ ᠤᠨ ᠤᠤᠯ ᠤᠨ ᠠᠬᠠᠮᠠᠳ ᠤᠳᠤᠷᠢᠳᠤᠯᠭ᠎ᠠ ᠪᠤᠯᠤᠨ ᠡᠯ᠎ᠠ ᠹᠷᠤᠨᠲ | ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠰᠠᠭᠤᠳᠠᠯ ᠤᠨ ᠬᠤᠷᠠᠯ ᠳᠤ ᠤᠷᠤᠯᠴᠠᠵᠤ᠂ ᠡᠷᠳᠡᠨᠢᠪᠢᠯᠢᠭ | ᠬᠤᠷᠠᠯ ᠢ ᠡᠷᠭᠢᠯᠠᠪᠠ᠃ | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠠᠬᠠᠮᠠᠳ ᠤᠳᠤᠷᠢᠳᠤᠯᠭ᠎ᠠ ᠠᠬᠠᠮᠠᠳ ᠺᠠᠳ᠋ᠷᠴᠤᠳ ᠪᠤᠯ ᠬᠠᠭᠠᠰ | ᠵᠠᠭᠤᠨ ᠤ ᠲᠤᠷᠰᠢ ᠥᠥᠰᠢᠨ ᠬᠤᠰᠢᠭᠤᠨ ᠤ ᠭᠥᠭᠵᠢᠯᠳᠠ ᠶᠢᠨ ᠲᠠᠤᠭᠡ ᠶᠢ ᠪᠠᠶ᠎ᠠ ᠪᠠᠷ ᠢᠶᠠᠨ ᠥᠩᠭᠡᠷᠡᠭᠦᠯᠥᠭᠴᠢ᠂ | ᠭᠡᠷᠡᠴᠢᠯᠡᠭᠴᠢ᠂ ᠥᠥᠰᠢᠨ ᠤ ᠭᠥᠭᠵᠢᠯᠳᠠ ᠶᠢᠨ ᠭᠠᠪᠢᠶᠠᠳᠤ ᠵᠢᠳᠭᠦᠯᠳᠠᠨ ᠵᠢᠴᠢ ᠲᠠᠭᠤᠷᠢᠶᠠᠯ ᠪᠤᠯᠤᠨ᠎ᠠ᠃ ᠰᠢ ᠶᠢᠨ | ᠫᠢᠩ ᠶᠠᠷᠤᠩᠭᠡᠢ ᠱᠥᠵᠢ ᠤᠯᠠᠨ ᠤᠳᠠᠭ᠎ᠠ ᠴᠢᠬᠤᠠᠯᠴᠢᠯᠠᠬᠤ ᠳᠤ ᠪᠠᠨ᠂ ︽ᠠᠬᠠᠮᠠᠳ ᠺᠠᠳ᠋ᠷ ᠪᠤᠯ ᠨᠠᠮ ᠤᠨ ᠲᠥᠷᠥ | ᠪᠠᠷᠢᠵᠤ ᠤᠯᠤᠰ ᠢᠶᠠᠨ ᠮᠠᠨᠳᠤᠭᠤᠯᠬᠤ ᠴᠢᠬᠤᠯᠠ ᠡᠭᠢ ᠪᠠᠶᠠᠯᠢᠭ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠥᠢᠯᠡᠰ ᠢ ᠠᠭᠢᠭᠤᠯᠬᠤ ᠶᠢᠨ ᠴᠢᠬᠤᠯᠠ ᠭᠥᠴᠤᠨ ᠪᠤᠯᠤᠨ᠎ᠠ︾ ᠭᠡᠵᠡᠢ᠃ ᠡᠶᠢᠮᠤ ᠠᠴᠠ | ᠪᠢᠳᠠ ᠠᠬᠠᠮᠠᠳ ᠤᠳᠤᠷᠢᠳᠤᠯᠭ᠎ᠠ ᠠᠬᠠᠮᠠᠳ ᠺᠠᠳ᠋ᠷᠴᠤᠳ ᠤᠨ ᠭᠠᠷᠭᠠᠭᠰᠠᠨ ᠭᠥᠴᠤ ᠭᠥᠯᠥᠰᠤ ᠪᠠ ᠲᠤᠪᠤᠶᠢᠮ᠎ᠠ | ᠭᠠᠪᠢᠶ᠎ᠠ ᠵᠢᠳᠭᠦᠯ ᠢ ᠪᠠᠳᠤ ᠴᠡᠭᠡᠵᠢᠯᠠᠵᠤ᠂ ᠠᠬᠠᠮᠠᠳ ᠺᠠᠳ᠋ᠷᠴᠤᠳ ᠤᠨ ᠠᠵᠢᠯ ᠢ ᠥᠩᠭᠡᠷᠡᠭᠰᠠᠨ ᠲᠠᠢ ᠪᠠᠨ ᠠᠳᠠᠯᠢ | ᠪᠠᠷ ᠴᠢᠬᠤᠯᠠᠴᠢᠯᠠᠨ ᠥᠵᠠᠵᠤ᠂ ᠤᠯᠤᠰ ᠲᠥᠷᠥ ᠲᠡᠭᠡᠷ᠎ᠡ ᠭᠥᠨᠳᠥᠳᠭᠡᠨ ᠠᠮᠢᠳᠤᠷᠠᠯ ᠲᠡᠭᠡᠷ᠎ᠡ ᠬᠠᠷᠠᠭᠠᠯᠵᠠᠨ᠂ ᠤᠶᠤᠨ | ᠰᠠᠨᠠᠭᠠᠨ ᠲᠡᠭᠡᠷ᠎ᠡ ᠬᠠᠯᠠᠮᠵᠢᠯᠠᠨ᠂ ᠠᠬᠠᠮᠠᠳ ᠤᠳᠤᠷᠢᠳᠤᠯᠭ᠎ᠠ ᠠᠬᠠᠮᠠᠳ ᠺᠠᠳ᠋ᠷᠴᠤᠳ ᠢ ᠨᠠᠰᠤᠵᠢᠪᠠᠯ ᠠᠰᠠᠷᠠᠮᠵᠢ ᠲᠠᠢ᠂ | ᠡᠮᠴᠢᠯᠡᠭᠡ ᠲᠠᠢ᠂ ᠪᠠᠶᠠᠷ ᠪᠠᠶᠠᠰᠤᠯ ᠲᠠᠢ ᠪᠠᠶᠢᠯᠭᠠᠬᠤ ᠶᠢ ᠪᠠᠶᠠᠯᠡᠭᠦᠯᠤᠨ ᠰᠢᠨ᠎ᠠ ᠴᠠᠭ ᠥᠶ᠎ᠠ ᠶᠢᠨ ᠠᠬᠠᠮᠠᠳ ᠺᠠᠳ᠋ᠷ ᠤᠨ | ᠰᠢᠨ᠎ᠠ ᠲᠥᠷᠢ ᠪᠠᠶᠢᠳᠠᠯ ᠢ ᠡᠭᠦᠳᠭᠦ ᠭᠡᠷᠡᠭᠳᠠᠢ ᠭᠡᠵᠡᠢ᠃ | | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠤᠳᠤᠬᠠᠨ ᠳᠤ ᠮᠠᠨ ᠤ ᠬᠤᠰᠢᠭᠤ ᠴᠢᠨᠠᠷ ᠰᠠᠶᠢᠳᠠᠢ ᠭᠥᠭᠵᠢᠯᠳᠠ | ᠶᠢ ᠠᠭᠢᠭᠤᠯᠬᠤ᠂ ᠨᠤᠮᠢᠨ ᠳᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠵᠠᠩᠭᠢᠯᠠᠭ᠎ᠠ ᠶᠢᠨ ᠴᠠᠭ ᠥᠶ᠎ᠠ ᠳᠤ | ᠪᠠᠶᠢᠵᠤ᠂ ᠠᠵᠠ ᠲᠤᠭᠢᠶᠠᠯ ᠪᠤᠯᠤᠨ ᠥᠷᠢᠰᠥᠯᠳᠤᠭᠡᠨ ᠤ ᠡᠮᠦᠨ᠎ᠡ ᠪᠢᠳᠠ ᠥᠭᠡᠷᠡᠴᠢᠯᠠᠯᠳᠠ ᠭᠥᠭᠵᠢᠯᠳᠠ ᠲᠤᠭᠳᠠᠭᠤᠨ | ᠤ ᠬᠤᠭᠤᠷᠤᠨᠳᠤᠭᠢ ᠬᠠᠷᠢᠴᠠᠭ᠎ᠠ ᠶᠢ ᠵᠥᠪ ᠰᠢᠢᠳᠪᠤᠷᠢᠯᠡᠨ᠂ ᠰᠤᠷᠭᠠᠨ ᠭᠥᠮᠤᠵᠢᠯ ᠡᠮ ᠡᠮᠨᠡᠯᠭᠡ ᠠᠵᠢᠯ ᠤᠯᠭᠤᠯᠳᠠ | ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠭᠢᠭᠤᠯᠤᠨ᠂ ᠠᠵᠢᠯ ᠥᠢᠯᠡᠰ ᠤᠷᠴᠢᠨ ᠲᠤᠭᠤᠷᠢᠨ ᠤ | ᠬᠠᠮᠠᠭᠠᠯᠠᠯᠲᠠ ᠪᠠ ᠠᠮᠢ ᠠᠬᠤᠢ ᠵᠡᠷᠭᠡ ᠶᠢᠨ ᠭᠤᠤᠯᠳᠠᠯᠭ᠎ᠠ ᠲᠠᠢ ᠠᠰᠠᠭᠤᠳᠠᠯ ᠢ ᠰᠢᠢᠳᠪᠤᠷᠢᠯᠡᠵᠤ ᠪᠠᠶᠢᠨ᠎ᠠ᠃ | ᠠᠬᠠᠮᠠᠳ ᠤᠳᠤᠷᠢᠳᠤᠯᠭ᠎ᠠ ᠠᠬᠠᠮᠠᠳ ᠺᠠᠳ᠋ᠷᠴᠤᠳ ᠨᠠᠶᠢᠭᠡᠮ ᠵᠢᠷᠤᠮ ᠤᠨ ᠭᠤᠤᠯᠠᠭᠴᠢ ᠥᠷᠳᠡᠭ ᠤᠨ ᠥᠵᠠᠯᠳᠠ ᠶᠢ | ᠥᠯᠡᠳᠤᠯᠭᠡᠵᠢᠭᠦᠯᠤᠨ᠂ ᠪᠥᠭᠦ ᠨᠠᠶᠢᠭᠡᠮ ᠤᠨ ᠭᠡᠪᠴᠢᠶᠠᠨ ᠳᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ | ᠨᠤᠳᠤᠭ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠥᠷᠢᠯᠳᠤᠭᠦᠯᠵᠤ᠂ ᠭᠤᠷᠪᠠᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ᠂ ᠴᠢᠬᠤᠯᠠ ᠲᠤᠮᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ᠂ ᠠᠵᠤ | ᠥᠢᠯᠡᠰ ᠤᠨ ᠪᠥᠳᠥᠴᠠ ᠶᠢᠨ ᠲᠤᠭᠢᠷᠠᠭᠤᠯᠤᠯᠳᠠ᠂ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ | ᠬᠤᠳᠠ ᠶᠢ ᠡᠭᠦᠳᠤᠨ ᠪᠠᠶᠢᠭᠤᠯᠬᠤ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠵᠡᠷᠭᠡ ᠲᠠᠯ᠎ᠠ ᠳᠤ | ᠢᠯᠠᠭᠦᠭᠡᠨ ᠰᠠᠨᠠᠭᠤᠯᠭ᠎ᠠ ᠲᠤᠷᠠᠳᠴᠤ᠂ ᠠᠷᠭ᠎ᠠ ᠤᠬᠠᠭᠠᠨ ᠭᠠᠷᠭᠠᠵᠤ᠂ ᠨᠠᠮᠴᠢ ᠴᠢᠨᠠᠷ ᠤᠨ ᠵᠠᠷᠴᠢᠮ ᠢ ᠪᠠᠳᠠᠷᠠᠭᠤᠯᠤᠨ᠂ | ᠨᠤᠮᠢᠨ ᠲᠠᠩᠰᠤᠭ ᠥᠤᠰᠢᠨ ᠤ ᠰᠢᠨ᠎ᠠ ᠴᠠᠭ ᠥᠶ᠎ᠠ ᠳᠠᠬᠢ ᠨᠤᠮᠢᠨ ᠳᠠᠩᠰᠤᠭ ᠭᠦᠭᠵᠢᠨ ᠮᠠᠨᠳᠤᠯᠲᠠ ᠶᠢ ᠪᠠᠶᠠᠯᠠᠭᠦᠯᠭᠦ | ᠲᠤᠭᠤᠷᠢᠨ ᠳᠤ ᠢᠯᠡᠭᠦᠭᠡᠨ ᠪᠥᠳᠥᠭᠡᠨ ᠪᠠᠶᠢᠭᠤᠯᠤᠯᠳᠠ ᠶᠢᠨ ᠴᠢᠨᠠᠷ ᠲᠠᠢ ᠰᠠᠨᠠᠯ ᠲᠤᠷᠠᠳᠬᠤ ᠶᠢ ᠭᠥᠰᠡᠵᠤ ᠪᠠᠶᠢᠨ᠎ᠠ | ᠭᠡᠵᠡᠢ᠃ | ᠵᠤᠤ ᠹᠸᠢ ᠯᠤ᠋ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠥᠯᠥᠭᠡᠯᠡᠨ 2018 ᠤᠨ ᠤ ᠪᠥᠭᠦ | ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠠ ᠶᠢᠨ ᠪᠠᠶᠢᠳᠠᠯ ᠳᠤ ᠲᠥᠭᠦᠮ ᠬᠠᠷᠢᠭᠤ ᠮᠡᠳᠡᠭᠦᠯᠥᠯᠳᠠ ᠭᠢᠪᠠ | ᠃ | ᠠᠬᠠᠮᠠᠳ ᠺᠠᠳ᠋ᠷᠴᠤᠤᠨ ᠤᠨ ᠲᠥᠯᠥᠭᠡᠯᠡᠭᠴᠢ ᠯᠢᠤ ᡁᠢ ᠭᠥᠢ᠂ ᠸᠠᠨ ᠶᠤᠸᠠᠨ ᠱᠠᠨ᠂ ᠲᠠᠨᠢᠰ᠂ ᠴᠠᠭᠠᠠᠭᠦᠤ ᠨᠠᠷ | 2018 ᠤᠨ ᠤ ᠪᠥᠭᠦ ᠬᠤᠰᠢᠭᠤᠨ ᠤ ᠡᠯ᠎ᠠ ᠲᠥᠷᠥᠯ ᠤᠨ ᠠᠵᠢᠯ ᠪᠤᠯᠤᠨ ᠠᠬᠠᠮᠠᠳ ᠺᠠᠳ᠋ᠷ ᠤᠨ ᠠᠮᠢᠳᠤᠷᠠᠯ ᠤᠨ | ᠪᠠᠶᠢᠳᠠᠯ ᠤᠨ ᠲᠤᠭᠤᠷᠢᠨ ᠳᠤ ᠢᠯᠠᠳᠭᠡᠯ ᠭᠢᠪᠠ᠃ |