ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ 67 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠭᠡᠭᠰᠠᠨ︶ ᠬᠤᠷᠠᠯ ᠵᠢᠴᠢ 2018 ᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠥᠵᠢ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠲᠤᠰᠢᠶᠠᠯ ᠤᠨ ᠠᠵᠢᠯ  ᠢ ᠬᠠᠷᠢᠭᠤ ᠮᠡᠳᠡᠭᠦᠯᠵᠤ ᠥᠨᠠᠯᠠᠭᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-01-08
     
     1 ᠰᠠᠷ᠎ᠠ ᠶᠢᠨ 5 ᠤ ᠡᠳᠤᠷ᠂ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ 67 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠭᠡᠭᠰᠠᠨ︶ ᠬᠤᠷᠠᠯ ᠵᠢᠴᠢ 2018 ᠤᠨ ᠤ ᠨᠠᠮ  ᠤᠨ ᠵᠤᠬᠢᠶᠠᠨ ᠪᠠᠶᠢᠭᠤᠯᠤᠯᠲᠠ ᠶᠢᠨ ᠱᠥᠵᠢ ᠶᠢᠨ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠲᠤᠰᠢᠶᠠᠯ  ᠤᠨ ᠠᠵᠢᠯ ᠢ ᠬᠠᠷᠢᠭᠤ ᠮᠡᠳᠡᠭᠦᠯᠵᠤ ᠥᠨᠠᠯᠠᠭᠦ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ ᠭᠡᠯᠳᠡᠰ ᠤᠨ ᠵᠤᠭᠢᠶᠠᠨ ᠪᠠᠶᠢᠭᠤᠯᠬᠤ ᠬᠤᠶᠠᠳᠤᠭᠠᠷ ᠰᠠᠯᠠᠭᠠᠨ ᠤ ᠲᠠᠷᠤᠭ᠎ᠠ ᠯᠢᠶᠠᠩ ᠭᠤᠤ ᠹᠧᠩ ᠬᠤᠷᠠᠯ ᠳᠤ ᠵᠢᠭᠠᠨ ᠵᠢᠯᠤᠭᠤᠳᠤᠯᠭ᠎ᠠ ᠭᠢᠪᠠ᠃      ᠬᠤᠷᠠᠯ ᠲᠡᠭᠡᠷ᠎ᠡ 6 ᠰᠤᠮᠤ ᠪᠠᠯᠭᠠᠰᠤ᠂ 1 ᠭᠥᠷᠢᠶᠠᠯᠠᠩ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠪᠤᠯᠤᠨ 5 ᠰᠠᠯᠠᠭ᠎ᠠ ᠮᠥᠴᠢᠷ ᠤᠨ ᠨᠠᠮ ᠤᠨ ᠲᠤᠭᠤᠶᠢᠯᠠᠩ᠂ 1 ᠠᠵᠢᠯ ᠥᠢᠯᠡᠰ ᠤᠨ ᠨᠢᠭᠡᠴᠢ ᠶᠢᠨ ᠨᠠᠮ ᠤᠨ ᠡᠭᠦᠷ  ᠠᠴᠠ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢ ᠠᠳᠬᠤᠬᠤ ᠠᠵᠢᠯ ᠢ ᠥᠷᠨᠢᠭᠦᠯᠥᠭᠰᠠᠨ ᠪᠠᠶᠢᠳᠠᠯ ᠪᠤᠯᠤᠨ ᠤᠯᠤᠭᠰᠠᠨ ᠥᠷ᠎ᠠ ᠪᠥᠳᠥᠮᠵᠢ᠂ ᠤᠷᠤᠰᠢᠵᠤ ᠪᠠᠶᠢᠭ᠎ᠠ ᠠᠰᠠᠭᠤᠳᠠᠯ ᠰᠢᠯᠳᠠᠭᠠᠨ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠠᠳᠭᠢᠴᠠ ᠠᠷᠭ᠎ᠠ ᠭᠡᠮᠵᠢᠶ᠎ᠠ ᠶᠢᠨ ᠲᠤᠬᠠᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ  ᠳᠤ ᠲᠤᠰᠢᠶᠠᠯ ᠤᠨ ᠠᠵᠢᠯ ᠤᠨ ᠬᠠᠷᠢᠭᠤ ᠮᠡᠳᠡᠭᠦᠯᠥᠯᠳᠠ ᠭᠢᠪᠠ᠃ ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ ᠶᠢ ᠲᠦᠯᠦᠬᠡᠯᠡᠨ ᠠᠵᠢᠯ ᠤᠨ ᠬᠠᠷᠢᠭᠤ ᠮᠡᠳᠡᠭᠦᠯᠦᠯᠲᠡ ᠳᠤ ᠦᠨᠡᠯᠡᠯᠲᠡ ᠦᠭᠴᠤ᠂ ᠵᠤᠤ ᠹᠸᠢ ᠯᠤ᠋᠂ ᠰᠤᠷᠭᠠᠯᠳᠤ᠂ ᠯᠠᠨ ᠲᠢᠶᠠᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠶᠠᠷᠤᠩᠭᠡᠢ ᠥᠨᠠᠯᠠᠯᠳᠠ ᠭᠢᠵᠤ᠂ ᠪᠤᠰᠤᠳ ᠭᠡᠰᠢᠭᠦᠨ ᠨᠥᠭᠦᠨ ᠥᠨᠠᠯᠠᠯᠳᠠ ᠭᠢᠪᠠ᠃ 12 ᠨᠠᠮ ᠤᠨ ᠵᠤᠭᠢᠶᠠᠨ ᠪᠠᠶᠢᠭᠤᠯᠤᠯᠳᠠ ᠲᠤᠰᠢᠶᠠᠯ ᠤᠨ ᠠᠵᠢᠯ ᠤᠨ ᠬᠠᠷᠢᠭᠤ ᠮᠡᠳᠡᠭᠦᠯᠥᠯᠳᠠ  ᠶᠢᠨ ᠮᠠᠲ᠋ᠧᠷᠢᠶᠠᠯ ᠢᠶᠠᠨ ᠲᠤᠰᠢᠶᠠᠪᠠ᠃      ᠯᠢᠶᠠᠩ ᠭᠤᠤ ᠹᠧᠩ ᠥᠨᠳᠤᠰᠤᠨ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠠᠭᠢᠭᠤᠯᠬᠤ ᠲᠠᠯ᠎ᠠ ᠠᠴᠠ ᠥᠨᠠᠯᠠᠯᠳᠠ ᠶᠢᠨ ᠶᠠᠷᠢᠶ᠎ᠠ ᠲᠠᠯᠪᠢᠵᠤ᠂ ᠮᠠᠨ ᠤ ᠬᠤᠰᠢᠭᠤᠨ ᠤ 2018 ᠤᠨ ᠤ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠲᠤᠮᠳᠠ ᠤᠯᠤᠭᠰᠠ ᠭᠢᠷᠢ ᠪᠥᠳᠥᠮᠵᠢ ᠶᠢ ᠭᠥᠢᠴᠡᠳ ᠨᠤᠳᠠᠯᠠᠬᠤ ᠶᠢᠨ ᠬᠠᠮᠳᠤ ᠤᠳᠤᠬᠠᠨ ᠤ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠲᠤᠮᠳᠠ ᠤᠷᠤᠰᠢᠵᠤ ᠪᠠᠶᠢᠭ᠎ᠠ ᠠᠰᠠᠭᠤᠳᠠᠯ ᠳᠤ ᠰᠠᠨᠠᠭᠤᠯᠭ᠎ᠠ ᠲᠤᠷᠠᠳᠤᠭᠰᠠᠨ ᠪᠠᠶᠢᠨ᠎ᠠ᠃      ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ 2018 ᠤᠨ ᠳᠤ ᠮᠠᠨ ᠤ ᠬᠤᠰᠢᠭᠤ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠬᠤᠳᠠ ᠶᠢᠨ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ ᠭᠡᠯᠳᠡᠰ ᠤᠨ ᠨᠠᠷᠢᠯᠢᠭ ᠵᠢᠯᠤᠭᠤᠳᠤᠯᠭ᠎ᠠ ᠲᠤᠤᠷ᠎ᠠ ᠪᠥᠭᠦ ᠬᠤᠰᠢᠭᠤᠨ ᠤ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠨᠢ ᠲᠥᠪ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠬᠤᠳᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠡᠯ᠎ᠠ ᠲᠥᠷᠥᠯ ᠤᠨ ᠰᠢᠢᠳᠪᠤᠷᠢᠲᠤ ᠱᠠᠭᠠᠷᠳᠠᠯᠭ᠎ᠠ ᠶᠢ ᠭᠥᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ᠂ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠲᠤᠮᠳᠠ ᠬᠠᠷᠢᠯᠴᠠᠨ ᠬᠤᠯᠪᠤᠵᠤ᠂ ᠪᠥᠭᠦ ᠲᠠᠯ᠎ᠠ ᠪᠠᠷ ᠠᠭᠢᠭᠤᠯᠤᠭᠰᠠᠨ ᠠᠵᠢᠯ ᠤᠨ ᠲᠤᠭᠳᠠᠯᠴᠠᠭ᠎ᠠ ᠶᠢ ᠪᠠᠶᠢᠭᠤᠯᠤᠨ᠂ ᠨᠠᠮ ᠤᠨ ᠪᠠᠶᠢᠭᠤᠯᠤᠯᠳᠠ ᠶᠢ ᠠᠳᠬᠤᠨ ᠭᠤᠤᠯᠳᠠᠯᠭ᠎ᠠ ᠲᠠᠢ ᠠᠵᠢᠯ ᠢ ᠠᠭᠢᠭᠤᠯᠤᠭᠰᠠᠨ᠂ ᠪᠥᠭᠦ ᠲᠠᠯ᠎ᠠ ᠪᠠᠷ ᠪᠥᠳᠥᠭᠡᠨ ᠪᠠᠶᠢᠭᠤᠯᠤᠯᠳᠠ ᠶᠢ ᠲᠠᠶᠢᠴᠢᠯᠠᠭᠰᠠᠨ ᠰᠠᠶᠢᠨ ᠰᠠᠶᠢᠬᠠᠨ ᠲᠥᠷᠢ ᠪᠠᠶᠢᠳᠠᠯ ᠢ ᠪᠥᠷᠢᠯᠳᠤᠭᠦᠯᠵᠤ᠂ ᠮᠠᠨ ᠤ ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠤᠨ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠳᠤ ᠡᠷᠡᠰ ᠴᠢᠩᠭ᠎ᠠ ᠪᠠᠳᠤᠯᠠᠭ᠎ᠠ ᠬᠠᠩᠭᠠᠭᠰᠠᠨ ᠪᠠᠶᠢᠨ᠎ᠠ ᠭᠡᠵᠡᠢ᠃      ᠡᠷᠳᠡᠨᠢᠪᠢᠯᠢᠭ ᠱᠠᠭᠠᠷᠳᠠᠬᠤ ᠳᠤ ᠪᠠᠨ᠂ ᠤᠯᠤᠰ ᠲᠥᠷᠥ ᠶᠢᠨ ᠡᠭᠦᠷᠭᠡᠯᠠᠯ ᠢᠶᠠᠨ ᠴᠢᠩᠭᠠᠳᠬᠠᠨ ᠨᠠᠮ ᠤᠨ ᠤᠯᠤᠰ ᠲᠥᠷᠥ ᠶᠢᠨ ᠪᠠᠶᠢᠭᠤᠯᠤᠯᠳᠠ ᠶᠢ ᠲᠡᠷᠢᠭᠦᠨ ᠳᠤ ᠲᠠᠯᠪᠢᠵᠤ᠂ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢ ᠡᠭᠦᠷᠭᠡᠯᠠᠭᠦ ᠭᠡᠷᠡᠭᠳᠠᠢ᠃ ᠥᠵᠠᠯ ᠰᠠᠨᠠᠭᠠᠨ ᠤ ᠪᠠᠶᠢᠭᠤᠯᠤᠯᠳᠠ ᠪᠠᠨ ᠴᠢᠩᠭᠠᠳᠬᠠᠨ᠂ ᠥᠵᠠᠯ ᠤᠬᠠᠮᠰᠠᠷ ᠤᠨ ᠭᠡᠯᠪᠠᠷᠢ ᠶᠢᠨ ᠰᠠᠨᠠᠭᠠᠴᠢᠯᠠᠭᠠᠳᠤ ᠡᠷᠭᠡ ᠶᠢ ᠡᠵᠡᠮᠳᠠᠭᠦ ᠭᠡᠷᠡᠭᠳᠠᠢ᠃ ᠰᠢᠨ᠎ᠠ ᠪᠠᠶᠢᠳᠠᠯ ᠲᠤᠤᠷᠠᠭᠢ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠴᠢᠬᠤᠯᠠ ᠴᠢᠨᠠᠷ ᠢ ᠭᠥᠢᠴᠡᠳ ᠲᠠᠨᠢᠵᠤ᠂ ᠥᠵᠠᠯ ᠤᠬᠠᠮᠰᠠᠷ ᠤᠨ ᠭᠡᠯᠪᠠᠷᠢ  ᠶᠢᠨ ᠠᠮᠤᠷ ᠲᠥᠪᠰᠢᠨ ᠪᠠ ᠤᠯᠤᠰ ᠲᠥᠷᠥ ᠶᠢᠨ ᠠᠮᠤᠷ ᠲᠥᠪᠰᠢᠨ ᠢ ᠬᠠᠮᠠᠭᠠᠯᠠᠬᠤ ᠭᠡᠷᠡᠭᠳᠠᠢ᠃ ᠭᠥᠮᠤᠨ ᠰᠤᠩᠭᠤᠨ ᠭᠡᠷᠡᠭᠯᠠᠭᠦ ᠵᠥᠪ ᠤᠳᠤᠷᠢᠳᠤᠮᠵᠢ ᠶᠢ ᠪᠠᠷᠢᠮᠳᠠᠯᠠᠨ᠂ ᠥᠨᠠᠠᠴᠢ ᠴᠡᠪᠡᠷᠴᠢ ᠵᠤᠷᠢᠭᠳᠠᠢ ᠡᠭᠦᠷᠭᠡᠯᠡᠭᠰᠠᠨ ᠥᠨᠳᠤᠷ ᠭᠡᠪ ᠴᠢᠨᠠᠷ ᠲᠠᠢ ᠲᠤᠰᠬᠠᠢ ᠮᠡᠷᠭᠡᠵᠢᠯ ᠤᠨ ᠺᠠᠳ᠋ᠷ ᠤᠨ ᠡᠩᠨᠡᠭᠡ ᠶᠢ ᠪᠠᠶᠢᠭᠤᠯᠬᠤ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠥᠭᠦ ᠬᠤᠰᠢᠭᠤᠨ ᠤ ᠡᠯ᠎ᠠ ᠱᠠᠳᠤᠨ ᠤ ᠨᠠᠮ ᠤ ᠵᠤᠭᠢᠶᠠᠨ ᠪᠠᠶᠢᠭᠤᠯᠤᠯᠳᠠ ᠵᠤᠭᠢᠶᠠᠨ ᠪᠠᠶᠢᠭᠤᠯᠬᠤ ᠭᠥᠴᠤᠨ ᠢᠶᠠᠨ ᠲᠡᠭᠡᠭᠰᠢᠯᠠᠭᠦᠯᠵᠤ᠂ ᠥᠨᠳᠤᠰᠤᠨ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠰᠠᠭᠤᠷᠢ ᠶᠢ ᠪᠠᠭᠢᠵᠢᠭᠦᠯᠭᠦ ᠭᠡᠷᠡᠭᠳᠠᠢ᠃ ᠪᠥᠭᠦ ᠬᠤᠰᠢᠭᠤᠨ ᠤ ᠠᠵᠢᠯ ᠤᠨ ᠶᠡᠭᠡ ᠪᠠᠶᠢᠳᠠᠯ ᠤᠨ ᠲᠤᠭᠤᠷᠢᠨ ᠳᠤ᠂ ᠠᠵᠢᠯ ᠤᠨ ᠭᠥᠴᠤᠨ ᠢ ᠨᠢᠭᠡᠳᠤᠭᠦᠯᠵᠤ᠂ ᠨᠠᠮ ᠤᠨ ᠪᠠᠶᠢᠭᠤᠯᠤᠯᠳᠠ ᠪᠠᠷ ᠵᠢᠯᠤᠭᠤᠳᠤᠮᠵᠢ ᠪᠤᠯᠭᠠᠨ ᠭᠥᠭᠵᠢᠯᠳᠠ ᠶᠢ ᠠᠭᠢᠭᠤᠯᠵᠤ᠂ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠤᠷᠳᠠᠯ ᠲᠥᠪ ᠪᠤᠰᠤ ᠠᠰᠠᠭᠤᠳᠠᠯ ᠢᠯᠵᠢᠷᠡᠯᠡᠯ ᠤᠨ ᠠᠰᠠᠭᠤᠳᠠᠯ ᠢ ᠴᠡᠭᠴᠠᠯᠠᠨ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠳᠤ ᠴᠡᠭᠴᠡᠯᠠᠨ ᠰᠠᠶᠢᠵᠢᠷᠠᠭᠤᠯᠤᠯᠳᠠ ᠭᠢᠵᠤ ᠪᠤᠳᠠᠳᠠᠢ ᠨᠠᠶᠢᠳᠠᠪᠤᠷᠢᠵᠢᠭᠤᠯᠬᠤ ᠭᠡᠷᠡᠭᠳᠠᠢ ᠭᠡᠵᠡᠢ᠃      ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠭᠤᠤᠯ ᠬᠠᠷᠢᠭᠤᠴᠠᠯᠭᠠᠲᠠᠨ᠂ ᠬᠤᠰᠢᠭᠤ ᠠᠷᠠᠳ ᠤᠨ ᠰᠢᠭᠦᠭᠦ ᠬᠤᠷᠢᠶᠠᠨ ᠤ ᠬᠤᠷᠢᠶᠠᠨ ᠳᠠᠷᠤᠭ᠎ᠠ᠂ ᠪᠠᠶᠢᠴᠠᠭᠠᠬᠤ ᠬᠤᠷᠢᠶᠠᠨ  ᠤ ᠬᠤᠷᠢᠶᠠᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠪᠥᠷᠢᠯᠳᠤᠭᠦᠨ᠂ ᠬᠤᠰᠢᠭᠤ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ  ᠶᠢᠨ ᠭᠡᠰᠢᠭᠦᠨ᠂ ᠨᠡᠭᠡᠭᠡᠯᠳᠠ ᠶᠢᠨ ᠤᠷᠤᠨ ︵ᠭᠥᠷᠢᠶᠠᠯᠠᠩ ᠲᠤᠭᠤᠷᠢᠭ︶᠂ ᠡᠯ᠎ᠠ ᠥᠨᠳᠤᠰᠤᠨ ᠱᠠᠳᠤᠨ ᠤ ᠨᠠᠮ ᠤᠨ ︵ᠠᠵᠢᠯᠯᠠᠬᠤ︶ ᠬᠤᠷᠢᠶᠠᠨ ᠤ ᠱᠥᠵᠢ᠂ ᠲᠤᠰᠬᠠᠢ ᠲᠤᠰᠢᠶᠠᠯ ᠤᠨ ᠲᠡᠳ᠋ ᠱᠥᠵᠢ᠂ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ᠂ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ᠂ ᠡᠯ᠎ᠠ ᠪᠠᠶᠢᠭᠤᠯᠭ᠎ᠠ ᠨᠢᠭᠡᠴᠢ ᠶᠢᠨ ᠨᠠᠮ ᠤᠨ ᠲᠤᠭᠤᠶᠢᠯᠠᠩ ︵ᠨᠠᠮ ᠤᠨ ᠬᠤᠷᠢᠶ᠎ᠠ︶ ᠶᠢᠨ ᠱᠥᠵᠢ ᠬᠤᠷᠠᠯ ᠳᠤ ᠤᠷᠤᠯᠴᠠᠵᠤ᠂ ᠭᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠤᠯᠤᠨ ᠥᠨᠳᠤᠰᠤᠨ ᠱᠠᠳᠤᠨ ᠤ ᠨᠠᠮ ᠤᠨ ᠭᠡᠰᠢᠭᠦᠨ ᠺᠠᠳ᠋ᠷ᠂ ᠤᠯᠠᠨ ᠲᠥᠮᠡᠨ ᠤ ᠲᠥᠯᠥᠭᠡᠯᠡᠭᠴᠢ ᠶᠢ ᠤᠷᠢᠨ ᠬᠤᠷᠠᠯ ᠳᠤ ᠭᠢᠨᠠᠯᠳᠠ ᠲᠠᠯᠪᠢᠭᠤᠯᠵᠤ ᠥᠨᠠᠯᠠᠯᠳᠠ ᠳᠤ ᠬᠢᠯᠭᠡᠭᠰᠡᠨ ᠪᠠᠶᠢᠨ᠎ᠠ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠭᠰᠠᠳ ᠡᠯ᠎ᠠ ᠨᠠᠮ ᠤᠨ ᠲᠤᠭᠤᠶᠢᠯᠠᠩ ᠤᠨ ᠱᠥᠵᠢ  ᠶᠢᠨ 2018 ᠤᠨ ᠤ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠠᠳᠬᠤᠭᠰᠠᠨ ᠪᠠᠶᠢᠳᠠᠯ  ᠳᠤ ᠲᠤᠬᠠᠢ ᠶᠢᠨ ᠲᠠᠯᠠᠪᠠᠢ ᠶᠢᠨ ᠭᠢᠨᠠᠨ ᠥᠨᠠᠯᠠᠯᠳᠠ ᠭᠢᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号