︽ᠨᠠᠮ ᠤᠨ ᠰᠠᠶᠢᠨ ᠳᠦᠷᠦ ᠶᠢᠨ ᠪᠤᠳᠤᠯᠭ᠎ᠠ᠂ ᠰᠠᠶᠢᠨ ᠺᠠᠳ᠋ᠷ ᠪᠠᠶᠢᠬᠤ ᠦᠭᠡᠢ ᠪᠤᠯ᠂ ᠮᠠᠨ ᠤ ᠬᠢᠨ ᠤ | ᠠᠮᠢᠳᠤᠷᠠᠯ ᠴᠤ ᠡᠶᠢᠮᠤ ᠶᠡᠭᠡ ᠬᠤᠪᠢᠷᠠᠯᠳᠠ ᠭᠠᠷᠴᠤ ᠳᠡᠶᠢᠯᠬᠦ ᠦᠭᠡᠢ᠃ ᠤᠳᠤ ᠰᠡᠳᠬᠢᠯ ᠰᠠᠨᠠᠭ᠎ᠠ ᠳᠠᠶᠢᠪᠤᠰᠢᠷᠡᠨ᠂ | ᠠᠮᠢᠳᠤᠷᠠᠯ ᠳᠠᠭᠠᠨ ᠡᠷᠡᠮᠡᠯᠵᠡᠯ ᠲᠠᠢ ᠪᠤᠯᠤᠬᠰᠠᠨ︕︾ ᠭᠡᠵᠤ ᠡᠷᠳᠡᠨᠢᠴᠤᠬᠳᠤ ᠭᠤᠸᠠᠢ ᠰᠡᠳᠬᠢᠯ ᠳᠤᠬᠳᠤᠯᠤᠨ | ᠶᠠᠷᠢᠨ᠎ᠠ᠃ ᠳᠡᠬᠦᠨ ᠤ ᠰᠡᠳᠬᠢᠯ ᠤᠨ ᠬᠦᠨ ᠠᠴᠠ ᠤᠨᠳᠤᠷᠤᠬᠰᠠᠨ ᠡᠨᠡ ᠭᠡᠳᠤᠨ ᠦᠭᠡ ᠨᠢ ᠨᠠᠮ ᠪᠤᠯᠤᠨ ᠨᠡᠶᠢᠭᠡᠮ ᠳᠤ | ᠴᠢᠩ ᠰᠡᠳᠬᠢᠯ ᠠᠴᠠ ᠪᠠᠨ ᠳᠠᠯᠠᠷᠬᠠᠬᠰᠠᠨ ᠪᠠᠶᠠᠷ ᠳᠠᠯᠠᠷᠬᠠᠯ ᠪᠠᠶᠢᠯ᠎ᠠ᠃ | ᠡᠷᠳᠡᠨᠢᠴᠤᠬᠳᠤ ᠪᠤᠯ ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠪᠠᠶᠠᠨᠳᠦᠬᠦ᠋ᠮ | ᠬᠤᠷᠰᠢᠶᠠᠨ ᠤ ᠮᠠᠯᠴᠢᠨ ᠶᠤᠮ᠂ ᠦᠨᠤ ᠵᠢᠯ 40 ᠨᠠᠰᠤᠳᠠᠢ᠃ ᠡᠭᠡᠮ ᠶᠠᠰᠤ ᠨᠢ ᠵᠡᠮᠳᠡᠭ᠂ ᠪᠦᠰᠡᠬᠦᠢ ᠨᠢ | ᠭᠤᠷᠪᠠᠳᠤᠭᠠᠷ ᠳᠡᠰ ᠤᠨ ᠤᠶᠤᠨ ᠤ ᠰᠠᠭᠠᠳᠠᠯ ᠪᠠ ᠤᠳᠠᠭᠠᠨ ᠴᠢᠨᠠᠷᠳᠠᠢ ᠬᠤᠳᠤᠭᠤᠳᠤᠨ ᠦᠷᠪᠢᠰᠤᠯ ᠲᠠᠢ ᠪᠤᠯᠬᠤᠷ | ᠬᠦᠳᠡᠯᠮᠤᠷᠢᠯᠡᠬᠦ ᠴᠢᠳᠠᠪᠤᠷᠢ ᠳᠤᠷᠤᠢ᠃ ᠤᠢᠢᠷ᠎ᠠ ᠶᠢᠨ ᠵᠢᠯ ᠤᠳ ᠲᠤ ᠬᠦᠳᠡᠯᠮᠤᠷᠢ ᠬᠦᠴᠤ ᠬᠦᠷᠦᠯᠴᠡᠬᠦ ᠦᠭᠡᠢ᠂ | ᠡᠮᠨᠡᠬᠦᠯᠬᠦ ᠵᠠᠷᠤᠳᠠᠯ ᠠᠷᠪᠢᠨ ᠠᠴᠠ ᠠᠮᠢᠳᠤᠷᠠᠯ ᠳᠠᠭᠠᠨ ᠭᠠᠨᠵᠤᠭ᠎ᠠ ᠳᠠᠳᠠᠭᠤ ᠪᠤᠯᠵᠤ᠂ ᠨᠡᠯᠢᠶᠡᠳ ᠠᠷᠪᠢᠨ ᠦᠷᠢ | ᠰᠢᠷᠢᠨ ᠳᠤ ᠤᠨᠠᠭᠠᠳ ᠡᠷᠳᠡᠨᠢᠴᠤᠬᠳᠤ ᠭᠤᠸᠠᠢ ᠶᠢ ᠳᠡᠩᠰᠡᠯᠭᠡᠭᠰᠡᠨ ᠪᠠᠶᠢᠪᠠ᠃ ᠳᠡᠭᠡᠭᠡᠳ 2018 ᠤᠨ ᠳᠤ | ᠭᠠᠴᠠᠭᠠᠨ ᠳᠤ ᠪᠠᠭᠤᠬᠰᠠᠨ ᠠᠵᠢᠯᠯᠠᠬᠤ ᠠᠩᠬᠢ ᠪᠠ ᠭᠠᠴᠠᠭᠠᠨ ᠤ ᠬᠤᠶᠠᠷ ᠵᠦᠪᠯᠡᠯ ᠤᠨ ᠬᠢᠨ ᠤᠨᠢᠨ ᠳᠡᠭᠡᠷ᠎ᠠ ᠨᠢ | ᠢᠯᠭᠠᠨ ᠳᠠᠨᠢᠬᠤ ᠶᠠᠪᠤᠴᠠ ᠪᠠᠷ ᠳᠠᠮᠵᠢᠨ ᠲᠡᠲᠡᠨ ᠤ ᠬᠢᠨ ᠢ ᠶᠠᠳᠠᠭᠤ ᠬᠦᠴᠢᠷᠳᠡᠯᠳᠡᠢ ᠡᠷᠤᠭᠡ ᠪᠠᠷ ᠳᠠᠩᠰᠠᠯᠠᠵᠠᠢ᠃ | ᠪᠠᠶ᠋ᠬᠠᠤᠪᠤᠭ᠎ᠠ ᠭᠠᠴᠠᠭᠠᠨ ᠤ ᠭᠠᠴᠠᠭᠠᠨ ᠳᠤ ᠪᠠᠭᠤᠬᠰᠠᠨ ᠨᠢᠭᠡᠳᠤᠭᠡᠷ ᠱᠦᠵᠢ ᠰᠠᠷᠠᠭᠤᠯ | ᠡᠷᠳᠡᠨᠢᠴᠤᠬᠳᠤ ᠶᠢᠨ ᠬᠢᠨ ᠳᠤ ᠠᠩᠬ᠎ᠠ ᠤᠴᠢᠵᠤ ᠠᠮᠢᠳᠤᠷᠠᠯ ᠤᠨ ᠪᠠᠶᠢᠳᠠᠯ ᠢ ᠤᠢᠢᠯᠠᠭᠠᠨ ᠦᠵᠡᠭᠡᠳ ᠬᠠᠪᠰᠤᠷᠤᠨ | ᠳᠡᠳᠬᠦᠬᠦ ᠪᠠᠷ ᠵᠤᠷᠢᠭ ᠰᠢᠭᠤᠳᠤᠬᠰᠠᠨ ᠪᠠᠶᠢᠨ᠎ᠠ᠃ ᠰᠠᠷᠠᠭᠤᠯ ᠤᠯᠠᠨ ᠤᠳᠠᠭ᠎ᠠ ᠳᠡᠭᠡᠳᠤ ᠱᠠᠳᠤᠨ ᠤ ᠬᠠᠮᠢᠶ᠎ᠠ ᠪᠦᠬᠦᠢ | ᠪᠠᠶᠢᠭᠤᠯᠭ᠎ᠠ ᠨᠢᠭᠡᠴᠢ ᠲᠠᠢ ᠬᠠᠷᠢᠯᠴᠠᠵᠤ ᠪᠠᠶᠢᠭᠠᠳ᠂ ᠡᠷᠡᠬᠦᠯ ᠮᠡᠨᠳᠤ ᠪᠠᠷ ᠶᠠᠳᠠᠭᠤ ᠶᠢ ᠳᠡᠳᠬᠦᠬᠦ ᠳᠡᠮᠵᠢᠯᠭᠡ ᠶᠢ | ᠤᠯᠵᠤ᠂ ᠦᠨ᠎ᠠ ᠳᠦᠯᠦᠪᠤᠷᠢ ᠦᠭᠡᠢ ᠪᠠᠷ ᠪᠡᠶ᠎ᠠ ᠶᠢᠨ ᠪᠠᠶᠢᠴᠠᠭᠠᠯᠳᠠ ᠬᠢᠵᠤ ᠦᠭᠬᠦᠭᠰᠡᠨ ᠪᠠ ᠳᠠᠩᠰᠠ ᠳᠠᠶᠢᠯᠬᠤ | ᠬᠠᠷᠢᠴᠠᠯ ᠢ ᠨᠢ ᠨᠡᠮᠡᠭᠳᠡᠬᠦᠯᠵᠤ᠂ ᠭᠡᠷ ᠪᠦᠯᠢ ᠶᠢᠨ ᠡᠮᠴᠢᠯᠡᠭᠡᠨ ᠤ ᠵᠠᠷᠤᠳᠠᠯ ᠢ ᠨᠢ ᠶᠡᠭᠡ ᠪᠠᠷ ᠬᠦᠡᠭᠭᠡᠷᠡᠬᠦᠯᠦᠭᠰᠡᠨ | ᠪᠠᠶᠢᠨ᠎ᠠ᠃ ᠰᠠᠷᠠᠭᠤᠯ ᠱᠦᠵᠢ ᠪᠤᠯᠤᠨ ᠬᠤᠯᠪᠤᠭᠠᠯᠠᠨ ᠳᠡᠳᠬᠦᠬᠦ ᠪᠠᠶᠢᠭᠤᠯᠭ᠎ᠠ ᠪᠤᠯᠬᠤ ᠬᠤᠰᠢᠭᠤᠨ ᠤ ᠬᠢᠨᠠᠨ ᠪᠤᠳᠤᠬᠤ | ᠳᠤᠪᠴᠢᠶᠠᠨ ᠤ ᠬᠠᠷᠢᠭᠤᠴᠠᠯᠭᠠᠳᠠᠨ ᠨᠠᠷ ᠠᠷᠭ᠎ᠠ ᠤᠬᠠᠭᠠᠨ ᠭᠠᠷᠭᠠᠵᠤ᠂ ᠡᠷᠳᠡᠨᠢᠴᠤᠬᠳᠤ ᠶᠢᠨ ᠤᠷᠤᠯᠭ᠎ᠠ ᠶᠢ | ᠳᠤᠬᠳᠠᠪᠤᠷᠢᠳᠠᠢ ᠪᠤᠯᠭᠠᠬᠤ ᠠᠷᠭ᠎ᠠ ᠵᠠᠮ ᠢ ᠰᠦᠪᠡᠭᠴᠢᠯᠡᠪᠡ᠃ ᠳᠡᠳᠡ ᠡᠷᠳᠡᠨᠢᠴᠤᠬᠳᠤ ᠳᠤ ᠪᠠᠶ᠋ᠬᠠᠤᠪᠤᠭ᠎ᠠ | ᠭᠠᠴᠠᠭ᠎ᠠ ᠪᠠᠷ ᠦᠡᠭᠭᠡᠷᠡᠬᠦ ᠵᠠᠮ ᠳᠠᠭᠠᠤ ᠤᠷᠴᠢᠨ ᠳᠤᠭᠤᠷᠢᠨ ᠢ ᠴᠡᠪᠡᠷᠯᠡᠬᠦᠯᠬᠦ ᠠᠵᠢᠯ ᠳᠤᠬᠢᠷᠠᠭᠤᠯᠤᠬᠰᠠᠨ ᠠᠴᠠ | ᠭᠠᠳᠠᠨ᠎ᠠ ᠪᠠᠰᠠ ᠴᠠᠬᠢᠯᠭᠠᠨ ᠪᠠ ᠤᠰᠤᠨ ᠠᠰᠢᠬᠯᠠᠯᠳᠠ ᠶᠢᠨ ᠪᠦᠳᠤᠭᠡᠨ ᠪᠠᠶᠢᠭᠤᠯᠤᠯᠳᠠ ᠶᠢᠨ ᠦᠭᠡᠷᠡᠴᠢᠯᠡᠯᠳᠡ ᠶᠢᠨ | ᠳᠤᠬᠢᠶᠠᠯ ᠢ ᠡᠵᠡᠮᠳᠡᠨ ᠠᠬ᠎ᠠ ᠶᠢᠨ ᠬᠢᠨ ᠠᠴᠠ ᠨᠢ 40 ᠮᠥ ᠤᠰᠤᠨ ᠭᠠᠵᠠᠷ ᠢ ᠰᠠᠯᠭᠠᠨ ᠦᠭᠴᠤ᠂ ᠠᠵᠤ | ᠤᠢᠢᠯᠡᠰ ᠢᠶᠠᠷ ᠶᠠᠳᠠᠭᠤ ᠶᠢ ᠳᠡᠳᠬᠦᠬᠦ ᠳᠦᠷᠤᠯ ᠵᠦᠢᠯ ᠤᠨ ᠮᠦᠡᠭᠬᠦ ᠶᠢ ᠤᠯᠵᠤ ᠦᠭᠬᠦᠭᠡᠳ᠂ ᠨᠢᠭᠡᠨ ᠭᠤᠷᠪᠠᠨ | ᠬᠦᠷᠳᠤᠳᠤ ᠳᠡᠷᠭᠡ᠂ 1 ᠰᠠᠭᠠᠯᠢᠨ ᠦᠨᠢᠶ᠎ᠠ᠂ 6 ᠬᠤᠨᠢ ᠬᠤᠳᠠᠯᠳᠤᠨ ᠠᠪᠴᠤ ᠦᠭᠬᠦᠭᠰᠡᠨ ᠪᠠᠶᠢᠨ᠎ᠠ᠃ | ᠡᠨᠡ ᠵᠢᠯ ᠤᠨ ᠡᠬᠢᠨ ᠠᠴᠠ ᠨᠠᠭᠠᠰᠢ᠂ ᠪᠠᠯᠭᠠᠰᠤ᠂ ᠭᠠᠴᠠᠭᠠᠨ ᠤ ᠬᠢᠨ ᠪᠠ ᠭᠠᠴᠠᠭᠠᠨ ᠳᠤ ᠪᠠᠭᠤᠬᠰᠠᠨ | ᠠᠵᠢᠯᠯᠠᠬᠤ ᠠᠩᠬᠢ ᠶᠢᠨ ᠬᠢᠨ ᠦᠷᠬᠦᠯᠵᠢ ᠮᠠᠨ ᠤ ᠭᠡᠷ ᠢᠶᠠᠷ ᠬᠦᠷᠴᠤ ᠢᠷᠡᠨ᠂ ᠨᠠᠳᠠ ᠳᠤ ᠬᠤᠳᠳᠤᠭ ᠮᠠᠯᠳᠠᠨ | ᠦᠭᠴᠤ ᠬᠤᠨᠢᠨ ᠰᠠᠷᠠᠪᠴᠢ ᠪᠠᠷᠢᠵᠤ ᠪᠤᠰᠬᠠᠬᠰᠠᠨ ᠠᠴᠠ ᠭᠠᠳᠠᠨ᠎ᠠ ᠪᠠᠰᠠ ᠠᠷᠭ᠎ᠠ ᠤᠬᠠᠭᠠᠨ ᠭᠠᠷᠭᠠᠨ ᠦᠭᠴᠤ᠂ | ᠨᠠᠳᠠ ᠳᠤ ᠠᠮᠢᠳᠤᠷᠠᠬᠤ ᠤᠷᠮ᠎ᠠ ᠬᠠᠶᠢᠷᠠᠯᠠᠬᠰᠠᠨ ᠢᠶᠠᠷ᠂ ᠠᠮᠢᠳᠤᠷᠠᠯ ᠮᠠᠨᠢ ᠦᠭᠡᠳᠡᠯᠡᠨ ᠳᠡᠭᠵᠢᠷᠡᠬᠦ ᠬᠠᠨᠳᠤᠰᠢ ᠲᠠᠢ | ᠪᠤᠯᠤᠯ᠎ᠠ ᠭᠡᠵᠤ ᠡᠷᠳᠡᠨᠢᠴᠤᠬᠳᠤ ᠵᠤᠯᠭᠠᠬᠰᠠᠨ ᠪᠤᠯᠭᠠᠨ ᠳᠤ ᠪᠠᠶᠠᠷᠯᠠᠨ ᠶᠠᠷᠢᠨ᠎ᠠ᠃ | ᠤᠯᠠᠭᠠᠨᠳᠤᠯᠤᠭᠠᠢ ᠪᠠᠯᠭᠠᠰᠤᠨ ᠤ ︽ᠨᠢᠭᠡ ᠡᠷᠤᠭᠡ ᠳᠤ ᠨᠢᠭᠡ ᠠᠷᠭ᠎ᠠ ᠪᠤᠳᠤᠯᠭ᠎ᠠ︾ ᠠᠪᠬᠤ ᠶᠠᠳᠠᠭᠤ ᠶᠢ | ᠳᠡᠳᠬᠦᠬᠦ ᠭᠡᠪ ᠵᠠᠬᠪᠤᠷ᠂ ᠳᠡᠷᠡᠴᠢᠯᠡᠨ ᠶᠠᠳᠠᠭᠤ ᠶᠢ ᠬᠠᠪᠰᠤᠷᠤᠨ ᠳᠡᠳᠬᠦᠬᠦ ᠪᠠᠶᠢᠭᠤᠯᠭ᠎ᠠ ᠨᠢᠭᠡᠴᠢ᠂ ᠺᠠᠳ᠋ᠷ | ᠠᠵᠢᠯᠳᠠᠨ ᠤ ᠰᠢᠷᠭᠠᠭᠤ ᠴᠢᠷᠮᠠᠶᠢᠯᠭ᠎ᠠ᠂ ᠡᠷᠳᠡᠨᠢᠴᠤᠬᠳᠤ ᠭᠤᠸᠠᠢ ᠶᠢᠨ ᠦᠪᠡᠷ ᠤᠨ ᠬᠢᠨᠢ ᠴᠦᠬᠦᠷᠡᠯ ᠦᠭᠡᠢ | ᠬᠦᠳᠡᠯᠮᠤᠷᠢ ᠬᠦᠴᠤ ᠶᠢᠨ ᠬᠠᠷᠢᠭᠤ ᠳᠤ᠂ ᠡᠷᠳᠡᠨᠢᠴᠤᠬᠳᠤ ᠶᠢᠨ ᠠᠮᠢᠳᠤᠷᠠᠯ ᠳᠤ ᠳᠤᠩ ᠶᠡᠭᠡ ᠬᠤᠪᠢᠷᠠᠯᠳᠠ ᠭᠠᠷᠴᠤ᠂ | ᠳᠡᠬᠦᠨ ᠤ ᠠᠮᠢᠳᠤᠷᠠᠯ ᠠᠬᠤᠢ ᠪᠠᠨ ᠦᠭᠡᠳᠡ ᠳᠠᠳᠠᠬᠤ ᠢᠳᠡᠭᠡᠯ ᠵᠤᠷᠢᠭ ᠢ ᠨᠢ ᠬᠦᠪᠴᠢᠯᠡᠨ᠂ ᠶᠠᠳᠠᠭᠤ ᠠᠴᠠ | ᠠᠩᠬᠢᠵᠢᠷᠠᠬᠤ ᠢᠯᠠᠯᠳᠠ ᠶᠢᠨ ᠴᠢᠮᠡᠭᠡ ᠶᠢ ᠬᠠᠨᠭ᠍ᠬᠢᠨᠠᠭᠤᠯᠤᠬᠰᠠᠨ ᠪᠠᠶᠢᠨ᠎ᠠ᠃ | |