ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠤᠷᠢᠶ᠎ᠠ 1 ᠰᠠᠷ᠎ᠠ ᠶᠢᠨ | 7 ᠤ ᠡᠳᠤᠷ ᠪᠦᠬᠦ ᠡᠳᠤᠷ ᠢᠶᠠᠷ ᠬᠤᠷᠠᠯ ᠬᠤᠷᠠᠯᠳᠤᠭᠤᠯᠵᠥ᠂ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ | ᠳᠦᠷᠦ ᠶᠢᠨ ᠵᠦᠪᠯᠡᠯᠬᠡᠨ᠂ ᠠᠷᠠᠳ ᠤᠨ ᠳᠡᠬᠡᠳᠤ ᠰᠢᠬᠦᠬᠦ ᠬᠤᠷᠢᠶ᠎ᠠ᠂ ᠠᠷᠠᠳ ᠤᠨ ᠳᠡᠬᠡᠳᠤ ᠪᠠᠶᠢᠴᠠᠭᠠᠬᠤ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠮᠡᠳᠡᠬᠦᠯᠦᠯᠳᠡ ᠶᠢ ᠰᠤᠨᠤᠰᠴᠤ᠂ ᠳᠦᠪ ᠤᠨ | ᠱᠦᠵᠢ ᠨᠠᠷ ᠤᠨ ᠭᠠᠵᠠᠷ ᠤᠨ ᠠᠵᠢᠯ ᠤᠨ ᠮᠡᠳᠡᠬᠦᠯᠦᠯᠳᠡ ᠶᠢ ᠰᠤᠨᠤᠰᠪᠠ᠃ ᠨᠠᠮ ᠤᠨ ᠳᠦᠪ ᠬᠤᠷᠢᠶᠠᠨ ᠤ ᠶᠡᠷᠦᠩᠬᠡᠢ | ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠳᠠᠯᠪᠢᠵᠠᠢ᠃ | ᠬᠤᠷᠠᠯ ᠠᠴᠠ᠂ ᠦᠩᠬᠡᠷᠡᠭᠰᠡᠨ ᠨᠢᠬᠡ ᠵᠢᠯ ᠳᠤ᠂ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ | ᠳᠦᠷᠦ ᠶᠢᠨ ᠵᠦᠪᠯᠡᠯᠬᠡᠨ᠂ ᠠᠷᠠᠳ ᠤᠨ ᠳᠡᠬᠡᠳᠤ ᠰᠢᠬᠦᠬᠦ ᠬᠤᠷᠢᠶ᠎ᠠ᠂ ᠠᠷᠠᠳ ᠤᠨ ᠳᠡᠬᠡᠳᠤ ᠪᠠᠶᠢᠴᠠᠭᠠᠬᠤ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠳᠤᠭᠤᠰᠢᠯᠠᠭᠤᠯᠵᠥ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ ᠤ | ᠳᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ | ᠨᠠᠶᠢᠳᠠᠪᠤᠷᠢᠵᠢᠭᠤᠯᠵᠥ᠂ ᠶᠡᠷᠤᠩᠭᠡᠢ ᠱᠦᠵᠢ ᠰᠢ ᠶᠢᠨ ᠫᠢᠡᠭ ᠤᠨ ᠨᠠᠮ ᠤᠨ ᠲᠦᠪ ᠬᠤᠷᠢᠶᠠᠨ ᠤ ᠭᠤᠤᠯᠯᠠᠬᠴᠢ ᠪᠠ | ᠪᠦᠭᠦ ᠨᠠᠮ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠵᠤ᠂ ᠨᠠᠮ ᠤᠨ ᠲᠦᠪ | ᠬᠤᠷᠢᠶᠠᠨ ᠤ ᠡᠷᠭᠡ ᠰᠦᠷ ᠪᠤᠯᠤᠨ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠰᠠᠨᠠᠭᠠᠴᠢᠯᠠᠭ᠎ᠠ ᠠᠴᠠ ᠪᠠᠨ | ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠵᠤ᠂ ᠨᠠᠮ ᠪᠤᠯᠤᠨ ᠤᠯᠤᠰ ᠤᠨ ᠠᠵᠢᠯ ᠤᠨ ᠶᠡᠭᠡ ᠳᠠᠯ᠎ᠠ ᠶᠢᠨ ᠲᠤᠭᠤᠷᠢᠨ ᠳᠤ ᠲᠤᠰᠢᠶᠠᠯ | ᠬᠠᠷᠢᠴᠠᠭᠤᠯᠭ᠎ᠠ ᠪᠠᠨ ᠭᠦᠢᠴᠡᠳᠭᠡᠵᠤ᠂ ᠡᠯ᠎ᠠ ᠲᠠᠯ᠎ᠠ ᠶᠢᠨ ᠠᠵᠢᠯ ᠤᠨ ᠰᠢᠨ᠎ᠠ ᠠᠬᠢᠴᠠ ᠲᠠᠢ ᠪᠤᠯᠬᠤ ᠶᠢ ᠠᠬᠢᠭᠤᠯᠵᠤ᠂ | ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠰᠠᠶᠢᠨ ᠰᠠᠶᠢᠬᠠᠨ ᠡᠬᠢᠯᠠᠯᠳᠠ ᠶᠢ ᠪᠡᠶᠠᠯᠠᠭᠦᠯᠭᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠡᠭᠦᠨ ᠤ ᠬᠠᠮᠲᠦ᠂ | ᠨᠠᠮ ᠤᠨ ᠤᠳᠤᠷᠢᠳᠬᠤ ᠲᠤᠭᠤᠶᠢᠯᠠᠩ ᠤᠨ ᠲᠤᠰ ᠪᠡᠶ᠎ᠠ ᠶᠢᠨ ᠪᠠᠶᠢᠭᠤᠯᠤᠯᠳᠠ ᠪᠠᠨ ᠦᠨᠡᠨᠭᠦ ᠴᠢᠩᠭᠠᠳᠬᠠᠵᠤ᠂ | ᠠᠷᠠᠳᠴᠢᠯᠠᠯ ᠲᠦᠪᠯᠡᠷᠡᠯ ᠤᠨ ᠶᠤᠰᠤᠨ ᠤ ᠳᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠢ ᠬᠠᠮᠢᠶᠠᠷᠬᠤ | ᠨᠠᠮ ᠢ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠭᠦᠢᠴᠡᠳᠭᠡᠵᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠳᠠᠭᠤᠷᠢᠶᠠᠯ ᠤᠨ ᠦᠢᠯᠠᠳᠤᠯ ᠢ ᠪᠠᠳᠠᠷᠠᠭᠤᠯᠵᠡᠢ ᠬᠡᠵᠥ ᠦᠵᠡᠪᠡ᠃ | ᠬᠤᠷᠠᠯ ᠠᠴᠠ᠂ ᠦᠡᠭᠭᠡᠷᠡᠭᠰᠡᠨ ᠨᠢᠭᠡ ᠵᠢᠯ ᠳᠤ᠂ ᠲᠦᠪ ᠤᠨ ᠱᠦᠵᠢ ᠨᠠᠷ ᠤᠨ ᠭᠠᠵᠠᠷ ᠨᠠᠮ ᠤᠨ ᠲᠦᠪ | ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠵᠤ᠂ ᠤᠨᠤᠯ ᠢᠶᠠᠷ ᠵᠡᠪᠰᠡᠭᠯᠡᠬᠦ᠂ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠤᠯᠠᠨ ᠲᠦᠮᠡᠨ ᠤ ᠪᠦᠯᠬᠦᠮ ᠤᠨ ᠠᠵᠢᠯ ᠢ ᠠᠬᠢᠭᠤᠯᠬᠤ | ᠪᠤᠯᠤᠨ ᠤᠯᠠᠨ ᠲᠦᠮᠡᠨ ᠤ ᠪᠦᠯᠭᠦᠮ ᠤᠨ ᠦᠭᠡᠷᠡᠴᠢᠯᠠᠯᠳᠠ ᠶᠢ ᠵᠢᠯᠤᠭᠤᠳᠬᠤ᠂ ᠨᠠᠮ ᠤᠨ ᠲᠤᠳᠤᠭᠠᠳᠤ ᠶᠢᠨ ᠬᠠᠤᠯᠢ | ᠲᠦᠷᠢᠮ ᠢ ᠲᠤᠭᠳᠠᠭᠠᠵᠤ ᠭᠡᠷᠡᠭᠵᠢᠭᠦᠯᠭᠦ᠂ ᠴᠢᠬᠤᠯᠠ ᠶᠡᠭᠡ ᠠᠵᠢᠯᠯᠠᠭ᠎ᠠ ᠶᠢ ᠪᠡᠯᠡᠳᠭᠡᠭᠦ ᠵᠡᠷᠭᠡ ᠲᠠᠯ᠎ᠠ ᠳᠤ ᠴᠦᠭᠡᠨ | ᠪᠤᠰᠤ ᠠᠵᠢᠯ ᠬᠢᠵᠤ᠂ ᠡᠭᠦᠷᠭᠡ ᠴᠢᠳᠠᠪᠬᠢ ᠶᠢᠨ ᠦᠢᠯᠡᠳᠤᠯ ᠢᠶᠠᠨ ᠭᠦᠢᠴᠡᠳ ᠪᠠᠳᠠᠷᠠᠭᠤᠯᠪᠠ ᠭᠡᠵᠤ ᠦᠵᠡᠪᠡ᠃ | ᠬᠤᠷᠠᠯ ᠠᠴᠠ᠂ ᠡᠨᠡ ᠵᠢᠯ ᠪᠤᠯ ᠰᠢᠨ᠎ᠠ ᠲᠤᠮᠳᠠᠳᠠᠤ ᠤᠯᠤᠰ ᠪᠠᠶᠢᠭᠤᠯᠤᠭᠳᠠᠭᠰᠠᠨ 70 ᠵᠢᠯ ᠤᠨ ᠤᠢ | ᠪᠤᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ ᠠ ᠪᠠᠷ ᠪᠡᠶᠡᠯᠡᠭᠦᠯᠭᠦ᠂ ᠨᠢᠭᠡᠳᠦᠭᠡᠷ ᠵᠠᠭᠤᠨ ᠵᠢᠯ ᠤᠨ ᠲᠡᠮᠡᠴᠡᠭᠦ | ᠬᠠᠷᠠᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠤᠨ ᠮᠦᠨ᠃ ᠤᠳᠤᠬᠠᠨ ᠤ ᠡᠭᠡᠳᠡᠷᠡᠭᠡᠨ ᠪᠤᠳᠤᠯᠢᠶᠠᠨᠳᠠᠢ ᠲᠡᠯᠡᠬᠡᠢ ᠶᠢᠨ | ᠪᠠᠶᠢᠳᠠᠯ ᠪᠠ ᠬᠦᠨᠳᠦ ᠨᠦᠰᠡᠷ ᠪᠡᠷᠭᠡ ᠬᠠᠳᠠᠭᠤᠵᠢᠯᠳᠠᠢ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠡᠬᠦᠷᠭᠡ ᠶᠢᠨ | ᠡᠮᠦᠨ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ᠂ ᠠᠷᠠᠳ ᠤᠨ ᠳᠡᠭᠡᠳᠦ | ᠰᠢᠬᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠲᠤᠭᠤᠶᠢᠯᠠᠩ ᠤᠨ ᠬᠢᠨ ᠲᠦᠷᠦᠬᠦᠯᠡᠨ ︽ᠲᠦᠷᠪᠡᠨ ᠤᠬᠠᠮᠰᠠᠷ︾ ᠢ ᠴᠢᠩᠭᠠᠳᠬᠠᠵᠦ᠂ ︽ᠲᠦᠷᠪᠡᠨ ᠢᠳᠡᠭᠡᠯ︾ ᠢ | ᠪᠠᠳᠤᠳᠬᠠᠵᠦ᠂ ︽ᠬᠤᠶᠠᠷ ᠢ ᠡᠷᠡᠰ ᠬᠠᠮᠠᠭᠠᠯᠠᠬᠤ︾ ᠶᠢ ᠭᠦᠢᠴᠡᠳᠭᠡᠵᠤ᠂ ᠰᠠᠨᠠᠭᠠᠴᠢᠯᠠᠭ᠎ᠠ ᠠᠴᠠ ᠪᠠᠨ ᠦᠵᠡᠯ | ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠠᠵᠢᠯᠯᠠᠭᠠᠨ ᠤ ᠲᠠᠯ᠎ᠠ ᠪᠠᠷ ᠰᠢ ᠶᠢᠨ ᠫᠢᠩ ᠨᠦᠬᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠬᠤ ᠭᠡᠷᠡᠭᠲᠡᠢ᠃ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠢᠮᠠᠬᠳᠠ ᠪᠠᠷᠢᠮᠳᠠᠯᠠᠵᠦ᠂ ᠨᠠᠮ ᠤᠨ ᠲᠦᠪ ᠬᠤᠷᠢᠶ᠎ᠠ ᠶᠢᠨ ᠴᠢᠬᠤᠯᠠ | ᠶᠡᠭᠡ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠳᠠ ᠪᠠ ᠴᠢᠬᠤᠯᠡ ᠶᠡᠭᠡ ᠠᠵᠢᠯ ᠤᠨ ᠲᠤᠬᠠᠢ | ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠡᠵᠡᠮᠰᠢᠵᠦ᠂ ᠲᠤᠰᠢᠶᠠᠯ ᠬᠠᠷᠢᠭᠤᠴᠠᠯᠭ᠎ᠠ ᠪᠠᠨ ᠦᠨᠡᠨ | ᠬᠦ ᠬᠦᠢᠴᠡᠳᠭᠡᠵᠦ᠂ ᠡᠯ᠎ᠠ ᠲᠠᠯ᠎ᠠ ᠶᠢᠨ ᠢᠳᠡᠪᠬᠢᠵᠢᠯ᠂ ᠰᠠᠨᠠᠭᠠᠴᠢᠯᠠᠭᠠᠳᠦ ᠴᠢᠨᠠᠷ᠂ ᠪᠦᠳᠦᠭᠡᠯᠴᠢ ᠴᠢᠨᠠᠷ ᠢ | ᠨᠢᠬᠳᠠᠷᠠᠭᠤᠯᠤᠨ ᠬᠦᠭᠵᠢᠭᠡᠵᠦ᠂ ᠤᠨᠢᠨ ᠳᠡᠭᠡᠷ᠎ᠠ ᠨᠢ ᠬᠦᠴᠦᠯᠡᠨ ᠡᠯ᠎ᠠ ᠲᠦᠷᠦᠯ ᠤᠨ ᠠᠵᠢᠯ ᠢᠶᠠᠨ ᠰᠠᠶᠢᠳᠤᠷ ᠬᠢᠬᠦ | ᠭᠡᠷᠡᠭᠲᠡᠢ᠃ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠶᠤᠰᠤᠭᠠᠷ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠵᠦ᠂ | ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠲᠦᠪ ᠴᠢᠩᠭ᠎ᠠ ᠪᠤᠯᠭᠠᠵᠦ᠂ ᠠᠷᠠᠳᠴᠢᠯᠠᠯ | ᠲᠦᠪᠯᠡᠷᠡᠯ ᠤᠨ ᠶᠤᠰᠤᠨ ᠤ ᠳᠦᠷᠢᠮ ᠢ ᠴᠢᠩᠭ᠎ᠠ ᠭᠡᠷᠡᠭᠵᠢᠬᠦᠯᠵᠦ᠂ ᠲᠦᠪ ᠤᠨ ᠨᠠᠢᠮᠠᠨ ᠲᠤᠭᠳᠠᠭᠠᠯ ᠵᠢᠴᠢ ᠲᠡᠬᠦᠨ ᠤ | ᠭᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠲᠦᠷᠦᠬᠦᠯᠡᠨ ᠲᠤᠭᠤᠰᠢᠯᠠᠭᠤᠯᠵᠦ᠂ ᠠᠯᠢᠪᠠ ᠭᠡᠯᠪᠡᠷᠢ ᠶᠢᠨ | ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠬᠤᠷᠢᠬᠯᠠᠨ ᠲᠡᠪᠴᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠶᠢᠨ ᠰᠡᠬᠦᠯ ᠬᠤᠷᠢᠶᠠᠬᠤ ᠠᠵᠢᠯ ᠳᠤ ᠰᠢᠢᠳᠪᠤᠷᠢᠯᠡᠭᠴᠢ ᠴᠢᠨᠠᠷᠳᠠᠢ ᠰᠠᠭᠤᠷᠢ ᠶᠢ ᠲᠠᠯᠪᠢᠨ ᠦᠭᠴᠤ᠂ | ᠰᠢᠯᠢᠳᠡᠭ ᠬᠢᠷᠢ ᠪᠦᠳᠦᠮᠵᠢ ᠪᠠᠷ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 | ᠵᠢᠯ ᠤᠨ ᠤᠢ ᠶᠢ ᠤᠬᠳᠤᠬᠤ ᠭᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨ᠎ᠠ ᠨᠢᠭᠡ ᠵᠢᠯ ᠳᠤ᠂ ᠲᠦᠪ ᠤᠨ ᠱᠦᠵᠢ ᠨᠠᠷ ᠤᠨ ᠭᠠᠵᠠᠷ ᠤᠨ ᠬᠢᠨ ᠨᠠᠮ ᠤᠨ ᠲᠦᠪ | ᠬᠤᠷᠢᠶᠠᠨ ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ | ᠲᠠᠯ᠎ᠠ ᠪᠠᠷ ᠳᠠᠭᠤᠷᠢᠶᠠᠯ ᠪᠤᠯᠵᠦ᠂ ᠵᠤᠷᠢᠬᠳᠠᠢ ᠡᠬᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠦ᠂ ᠤᠴᠢᠷ ᠶᠠᠪᠤᠳᠠᠯ ᠢ | ᠵᠦᠪᠳᠡᠬᠦ ᠴᠢᠳᠠᠪᠤᠷᠢ ᠪᠠᠨ ᠳᠡᠭᠡᠭᠰᠢᠯᠡᠬᠦᠯᠵᠦ᠂ ᠲᠦᠪ ᠤᠨ ᠤᠯᠤᠰ ᠲᠦᠷᠦ ᠶᠢᠨ ᠲᠤᠪᠴᠢᠶ᠎ᠠ᠂ ᠲᠦᠪ ᠤᠨ ᠤᠯᠤᠰ | ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠲᠤᠬᠢᠷᠠᠭᠤᠯᠤᠯᠳᠠ ᠶᠢᠨ ᠲᠤᠭᠤᠷᠢᠨ ᠳᠤ | ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠦ᠂ ᠨᠠᠮ ᠤᠨ ᠲᠦᠪ ᠬᠤᠷᠢᠶᠠᠨ ᠤ ᠲᠤᠰᠢᠶᠠᠬᠰᠠᠨ ᠡᠯ᠎ᠠ | ᠲᠦᠷᠦᠯ ᠤᠨ ᠡᠬᠦᠷᠭᠡ ᠶᠢ ᠰᠠᠶᠢᠳᠤᠷ ᠪᠡᠶᠡᠯᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃ |