2019 ᠮᠤᠩᠭᠤᠯ ᠬᠡᠯᠡᠨ ᠤ ᠰᠦᠯᠵᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠪᠡᠯᠡᠳᠬᠡᠯ ᠠᠵᠢᠯ ᠤᠷᠤᠬᠰᠢᠳᠡᠢ ᠶᠠᠪᠤᠬᠳᠠᠵᠦ ᠪᠤᠢ
ᠨᠡᠶᠢᠲᠡᠯᠡᠭᠰᠡᠨ ᠴᠠᠭ᠄
2019-01-09
      ᠤᠢᠢᠷ᠎ᠠ ᠶᠢᠨ ᠡᠳᠦᠷ᠂ ︽ᠰᠢᠨ᠎ᠠ ᠡᠷᠢᠨ ᠤ ᠮᠠᠬᠳᠠᠭᠤ︾ 2019 ᠤᠨ ᠤ ᠮᠤᠩᠭᠤᠯ ᠬᠡᠯᠡᠨ ᠤ ᠰᠦᠯᠵᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠳᠤ ᠶᠠᠪᠤᠬᠳᠠᠪᠠ᠃ ᠬᠤᠷᠠᠯ ᠳᠤ ᠬᠤᠳᠠ ᠶᠢᠨ ᠨᠠᠮ ᠤᠨ ᠬᠤᠷᠢᠶ᠎ᠡ ᠶᠢᠨ ᠤᠬᠠᠭᠤᠯᠬᠤ ᠬᠡᠯᠳᠡᠰ ᠂ ᠦᠤᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠠ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ᠂ ᠤᠷᠳᠤᠰ ᠤᠨ ᠡᠳᠦᠷ ᠤᠨ ᠰᠤᠨᠢᠨ ᠤ ᠬᠤᠷᠢᠶ᠎ᠠ ᠵᠡᠷᠬᠡ 20 ᠰᠢᠬᠠᠮ ᠵᠠᠭᠤᠴᠢᠯᠠᠭᠤᠷ ᠤᠨ ᠰᠤᠷᠪᠤᠯᠵᠢᠯᠠᠬᠴᠢ ᠨᠠᠶᠢᠳᠠ 50 ᠭᠠᠷᠤᠢ ᠬᠦᠮᠥᠨ ᠤᠷᠤᠯᠴᠠᠪᠠ᠃      ᠬᠤᠷᠠᠯ ᠳᠤ᠂ ᠳᠠᠭᠠᠭᠠᠴᠢᠯᠠᠨ ᠡᠷᠬᠢᠯᠡᠭᠰᠡᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠠᠴᠠ ᠦᠳᠡᠰᠢᠯᠡᠭᠡ ᠶᠢᠨ ᠶᠡᠷᠦᠩᠬᠡᠢ ᠪᠠᠶᠢᠳᠠᠯ᠂ ᠴᠤᠤᠷᠢᠶ᠎ᠠ ᠪᠦᠳᠦᠬᠡᠯ ᠡᠯᠰᠡᠭᠰᠡᠨ ᠪᠠ ᠤᠬᠠᠭᠤᠯᠤᠨ ᠲᠡᠯᠬᠡᠷᠡᠬᠦᠯᠦᠭᠰᠡᠨ ᠪᠠᠶᠢᠳᠠᠯ᠂ ᠦᠳᠡᠰᠢᠯᠡᠭᠡ ᠶᠢᠨ ᠬᠡᠯᠪᠡᠷᠢ᠂ ᠠᠭᠤᠯᠭ᠎ᠠ᠂ ᠤᠨᠴᠠᠯᠢᠭ᠂ ᠲᠤᠬᠯᠠᠯᠳᠠ ᠶᠢᠨ ᠶᠡᠷᠦᠩᠬᠡᠢ ᠪᠠᠶᠢᠳᠠᠯ ᠂ ᠪᠡᠯᠡᠳᠬᠡᠯ ᠠᠵᠢᠯ ᠤᠨ ᠪᠠᠶᠢᠳᠠᠯ᠂ ᠲᠤᠬᠯᠠᠯᠳᠠ ᠶᠢᠨ ᠬᠢᠯᠡᠰ ᠴᠡᠭ᠂ ᠰᠦᠯᠵᠢᠶᠠᠨ ᠤ ᠡᠯᠧᠮᠧᠨ᠋ᠲ ᠢ ᠬᠢᠷᠢ ᠵᠡᠷᠬᠡ ᠤᠷᠤᠭᠤᠯᠤᠬᠰᠠᠨ᠂ ᠠᠷᠠᠳ ᠤᠨ ᠤᠷᠠᠯᠢᠬᠴᠢᠳ ᠢ ᠬᠡᠷᠬᠢᠨ ᠤᠷᠢᠵᠦ ᠤᠷᠤᠯᠴᠠᠭᠤᠯᠤᠬᠰᠠᠨ ᠲᠤᠬᠠᠢ ᠲᠠᠨᠢᠯᠴᠠᠭᠤᠯᠤᠬᠰᠠᠨ ᠪᠠᠶᠢᠨ᠎ᠠ᠃      2019 ᠤᠨ ᠤ 1 ᠰᠠᠷ᠎ᠠ ᠶᠢᠨ 18 ᠤ ᠡᠳᠦᠷ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠳᠤ ᠶᠠᠪᠤᠬᠳᠠᠬᠤ ᠪᠠᠷ ᠪᠠᠶᠢᠭ᠎ᠠ ︽ᠰᠢᠨ᠎ᠠ ᠡᠷᠢᠨ ᠤ ᠮᠠᠬᠳᠠᠭᠤ︾ 2019 ᠤᠨ ᠤ ᠮᠤᠩᠭᠤᠯ ᠬᠡᠯᠡᠨ ᠤ ᠰᠦᠯᠵᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ᠂ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶᠠᠨ ᠤ ᠬᠤᠯᠪᠤᠭ᠎ᠠ ᠠᠴᠠ ᠭᠤᠤᠯᠯᠠᠨ ᠡᠷᠬᠢᠯᠡᠵᠦ᠂ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠠ᠂ ᠤᠷᠳᠤᠰ ᠤᠨ ᠡᠳᠦᠷ ᠤᠨ ᠰᠤᠨᠢᠨ ᠤ ᠬᠤᠷᠢᠶ᠎ᠠ᠂ ᠦᠤᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ ᠪᠠᠶᠢᠨ᠎ᠠ᠃ ᠬᠦᠮᠥᠨ ᠪᠤᠯᠭᠠᠨ ᠮᠡᠳᠡᠭᠡ ᠨᠡᠶᠢᠳᠡᠯᠡᠵᠦ ᠂ ᠬᠦᠮᠥᠨ ᠪᠤᠯᠭᠠᠨ ᠵᠠᠭᠤᠴᠢᠯᠠᠭᠤᠷ ᠠᠵᠢᠯᠯᠠᠭᠤᠯᠵᠦ ᠪᠤᠯᠳᠠᠭ ᠰᠢᠨ᠎ᠠ ᠴᠠᠭ ᠦᠶ᠎ᠠ ᠳᠤ᠂ ᠮᠤᠩᠭᠤᠯ ᠬᠡᠯᠡᠨ ᠤ ᠰᠦᠯᠵᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠨᠢ ᠢᠷᠬᠡᠨᠴᠢᠯᠡᠭᠰᠡᠨ ᠤᠷᠤᠯᠴᠠᠯᠭ᠎ᠠ᠂ ᠴᠡᠩᠬᠡᠬᠦᠨᠴᠢᠯᠡᠭᠰᠡᠨ ᠲᠤᠬᠯᠠᠯᠳᠠ ᠪᠠᠷ ᠭᠠᠵᠠᠷ ᠤᠷᠤᠨ ᠤ ᠰᠤᠶᠤᠯ ᠢ ᠲᠤᠪᠤᠶᠢᠯᠭᠠᠨ᠂ ᠤᠯᠠᠨ ᠲᠦᠮᠡᠨ ᠤ ᠲᠤᠮᠳᠠ ᠠᠴᠠ ᠤᠷᠠᠯᠢᠭ ᠤᠨ ᠤᠳᠤ ᠪᠤᠯᠤᠨ ᠰᠢᠯᠢᠳᠡᠭ ᠪᠦᠳᠦᠬᠡᠯ ᠢ ᠢᠯᠡᠷᠡᠬᠦᠯᠦᠨ᠂ ᠰᠦᠯᠵᠢᠶᠠᠨ ᠤ ᠤᠳᠬ᠎ᠠ ᠤᠷᠠᠯᠢᠭ ᠤᠨ ᠰᠢᠯᠢᠳᠡᠭ ᠪᠦᠳᠦᠬᠡᠯ ᠢ ᠲᠡᠯᠬᠡᠨ ᠦᠵᠡᠬᠦᠯᠬᠦ ᠶᠢ ᠪᠠᠷᠢᠮᠳᠠᠯᠠᠨ᠎ᠠ᠃      ᠬᠤᠷᠠᠯ ᠤᠨ ᠠᠬᠤᠢ ᠲᠡᠯᠡᠪᠡᠢ ᠠᠴᠠ ᠦᠢᠯᠠᠭᠠᠬᠰᠠᠨ ᠢᠶᠠᠷ᠂ ᠬᠤᠳᠠ ᠶᠢᠨ ᠨᠠᠮ ᠤᠨ ᠬᠤᠷᠢᠶ᠎ᠠ ᠶᠢᠨ ᠤᠠᠬᠭᠤᠯᠬᠤ ᠬᠡᠯᠳᠡᠰ᠂ ᠦᠤᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠦᠴᠦᠳᠡᠢ ᠲᠠᠮᠵᠢᠯᠬᠡ ᠲᠤᠤᠷ᠎ᠠ ᠲᠤᠰ ᠤᠳᠠᠭᠠᠨ ᠤ ᠦᠳᠡᠰᠢᠯᠡᠭᠡ ᠶᠢᠨ ᠪᠡᠯᠡᠳᠬᠡᠯ ᠠᠵᠢᠯ ᠮᠠᠰᠢ ᠤᠷᠤᠬᠰᠢᠳᠡᠢ ᠶᠠᠪᠤᠬᠳᠠᠵᠦ ᠪᠤᠢ᠃ ᠤᠳᠤᠬᠠᠨ ᠪᠤᠯᠳᠠᠯ᠎ᠠ ᠦᠳᠡᠰᠢᠯᠡᠭᠡ ᠶᠢᠨ ᠲᠤᠬᠯᠠᠯᠳᠠ ᠡᠯᠰᠡᠬᠦ᠂ ᠲᠤᠬᠯᠠᠬᠴᠢ ᠰᠤᠩᠭᠤᠬᠤ᠂ ᠬᠤᠪᠴᠠᠰᠤ ᠵᠠᠰᠠᠯ᠂ ᠬᠡᠷᠡᠯᠳᠦᠬᠦᠯᠬᠡ ᠵᠡᠷᠬᠡ ᠠᠵᠢᠯ ᠤᠤᠯ ᠤᠨ ᠲᠦᠯᠦᠪᠯᠡᠭᠡ ᠶᠤᠰᠤᠭᠠᠷ ᠶᠠᠪᠤᠬᠳᠠᠵᠦ᠂ ᠲᠤᠬᠯᠠᠯᠳᠠ ᠶᠢᠨ 80% ᠤᠷᠴᠢᠮ ᠨᠢ ᠰᠢᠨ᠎ᠠ ᠪᠠᠷ ᠪᠦᠳᠦᠬᠡᠭᠰᠡᠨ ᠪᠦᠳᠦᠬᠡᠯ ᠪᠠᠶᠢᠨ᠎ᠠ᠃ ᠰᠤᠷᠪᠤᠯᠵᠢᠯᠠᠬᠴᠢ ᠪᠤᠯᠪᠠᠰᠤᠷᠠᠬᠤ ᠲᠢᠩᠬᠢᠮ ᠳᠤ ᠬᠦᠷᠬᠦ ᠳᠤ ᠲᠤᠬᠯᠠᠬᠴᠢᠳ ᠲᠤᠬᠯᠠᠯᠳᠠ ᠪᠠᠨ ᠶᠠᠭᠠᠷᠠᠯᠳᠠᠶᠢᠬᠠᠨ ᠪᠤᠯᠪᠠᠰᠤᠷᠠᠵᠠᠭᠠᠵᠦ᠂ ᠦᠳᠡᠰᠢᠯᠡᠭᠡ ᠳᠤ ᠤᠷᠤᠯᠴᠠᠬᠤ ᠪᠠᠷ ᠪᠡᠯᠡᠬᠡᠨ ᠪᠤᠯᠤᠭᠠᠳ ᠪᠠᠶᠢᠭ᠎ᠠ ᠨᠢ ᠢᠯᠡᠬᠡᠨ ᠪᠠᠶᠢᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号