ᠰᠢ ᠶᠢᠨ ᠫᠢᠩ ᠰᠤᠯᠤᠮᠤᠨ ᠤᠯᠳᠤᠷᠢᠭ ᠤᠨ ᠶᠡᠷᠦᠩᠬᠡᠢ ᠰᠠᠶᠢᠳ ᠰᠦᠸᠧᠵᠢᠶᠠᠸᠠᠯᠸᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2019-10-12
    ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 9 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢᠦ ᠬᠤᠸᠠ︶ ᠤᠯᠤᠰ ᠤᠨ ᠲᠡᠷᠢᠭᠦᠯᠡᠭᠴᠢ ᠰᠢ ᠶᠢᠨ ᠫᠢᠩ 9 ᠤ ᠡᠳᠦᠷ ᠳ᠋ᠢᠶᠤᠤ ᠢᠤᠢ ᠲᠠᠢ ᠲᠦᠷᠦ ᠶᠢᠨ ᠵᠤᠴᠢᠳ ᠤᠨ ᠪᠠᠭᠤᠳᠠᠯ ᠳᠤ ᠰᠤᠯᠤᠮᠤᠨ ᠤᠯᠳᠤᠷᠢᠭ ᠤᠨ ᠶᠡᠷᠦᠩᠬᠡᠢ ᠰᠠᠶᠢᠳ ᠰᠦᠸᠧᠵᠢᠶᠠᠸᠠᠯᠸᠢ ᠲᠠᠢ ᠠᠭᠤᠯᠵᠠᠵᠠᠢ᠃      ᠰᠢ ᠶᠢᠨ ᠫᠢᠩ᠂ ᠲᠦᠷᠦᠭᠦᠬᠡᠨ ᠳᠤᠮᠳᠠᠳᠤ ᠰᠤᠯᠤᠮᠤᠨ ᠬᠤᠶᠠᠷ ᠤᠯᠤᠰ ᠨᠢᠭᠡ ᠳᠤᠮᠳᠠᠳᠤ ᠤᠯᠤᠰ ᠪᠠᠶᠢᠬᠤ ᠵᠠᠷᠴᠢᠮ ᠤᠨ ᠰᠠᠭᠤᠷᠢᠨ ᠳᠡᠭᠡᠷ᠎ᠠ ᠵᠢᠩᠭᠢᠨᠢ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠪᠠ᠂ ᠡᠨᠡ ᠪᠤᠯ ᠴᠠᠭ ᠦᠶ᠎ᠠ ᠶᠢᠨ ᠤᠷᠤᠰᠬᠠᠯ ᠳᠤ ᠨᠡᠶᠢᠴᠡᠬᠦ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠰᠠᠶᠢᠨ ᠶᠠᠪᠤᠳᠠᠯ ᠪᠤᠯᠤᠨ᠎ᠠ ᠃ ᠲᠠᠨ ᠤ ᠡᠨᠡ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠳᠠ ᠴᠢᠨᠢ ᠬᠦᠰᠢᠶ᠎ᠠ ᠲᠤᠷᠠᠰᠬᠠᠯ ᠤᠨ ᠠᠴᠢ ᠬᠤᠯᠪᠤᠭᠳᠠᠯ ᠲᠠᠢ᠃ ᠰᠤᠯᠤᠮᠤᠨ ᠤᠯᠳᠤᠷᠢᠭ ᠬᠡᠳᠦ᠋ᠢᠪᠡᠷ ᠰᠠᠶ᠋ᠢᠬᠠᠨ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠪᠤᠯᠪᠠᠴᠤ᠂ ᠨᠦᠬᠦᠷᠯᠡᠯ ᠢ ᠡᠮᠦᠨ᠎ᠠ ᠬᠤᠶᠢᠨ᠎ᠠ ᠭᠡᠵᠤ ᠢᠯᠭᠠᠬᠤ ᠦᠭᠡᠢ᠂ ᠨᠦᠬᠦᠷᠯᠡᠯ ᠢ ᠡᠬᠢᠯᠡᠭᠦᠯᠦᠭᠰᠡᠭᠡᠷ ᠭᠡᠭᠡᠨ ᠰᠠᠷᠠᠭᠤᠯ ᠢᠷᠡᠭᠡᠳᠦᠢ ᠲᠠᠢ ᠶᠤᠮ᠃ ᠪᠢᠳᠡ ᠳᠤᠷᠠᠳᠠᠶ᠎ᠠ ᠰᠤᠯᠤᠮᠤᠨ ᠤ ᠲᠠᠯ᠎ᠠ ᠲᠠᠢ ᠬᠠᠮᠳᠦ ᠪᠠᠷ ᠴᠢᠷᠮᠠᠶᠢᠵᠤ᠂ ᠬᠤᠶᠠᠷ ᠤᠯᠤᠰ ᠢᠶᠠᠷ ᠢᠶᠠᠨ ᠬᠠᠷᠢᠯᠴᠠᠭ᠎ᠠ ᠪᠠᠶᠢᠭᠤᠯᠤᠭᠰᠠᠨ ᠲᠡᠤᠬᠡᠨ ᠠᠵᠠ ᠳᠤᠬᠢᠶᠠᠯ ᠢ ᠠᠰᠢᠬᠯᠠᠵᠤ᠂ ᠬᠠᠷᠢᠯᠴᠠᠨ ᠢᠳᠡᠭᠡᠯᠴᠡᠵᠤ᠂ ᠬᠠᠷᠢᠯᠴᠠᠨ ᠬᠦᠨᠳᠦᠳᠭᠡᠵᠤ᠂ ᠬᠠᠷᠢᠯᠴᠠᠨ ᠳᠡᠮᠵᠢᠯᠴᠡᠵᠤ᠂ ᠡᠯ᠎ᠠ ᠬᠦᠷᠢᠶᠡᠨ ᠤ ᠬᠠᠮᠳᠤᠷᠠᠯᠴᠠᠭ᠎ᠠ ᠰᠤᠯᠢᠯᠴᠠᠭ᠎ᠠ ᠶᠢ ᠢᠳᠡᠪᠬᠢᠳᠠᠢ ᠦᠷᠭᠡᠳᠭᠡᠵᠤ᠂ ᠭᠠᠷᠤᠭ᠎ᠠ ᠶᠢ ᠰᠠᠶᠢᠳᠤᠷ ᠡᠬᠢᠯᠡᠭᠦᠯᠵᠤ᠂ ᠠᠩᠬᠠᠨ ᠤ ᠠᠯᠬᠤᠮ ᠢ ᠰᠠᠶᠢᠳᠤᠷ ᠠᠯᠬᠤᠵᠤ᠂ ᠬᠤᠶᠠᠷ ᠤᠯᠤᠰ ᠤᠨ ᠬᠠᠷᠢᠯᠴᠠᠭᠠᠨ ᠤ ᠬᠦᠭᠵᠢᠯᠳᠡ ᠶᠢᠨ ᠰᠠᠶᠢᠨ ᠰᠠᠶᠢᠬᠠᠨ ᠢᠷᠡᠭᠡᠳᠦᠢ ᠶᠢ ᠬᠠᠮᠳᠦ ᠪᠠᠷ ᠴᠤᠭᠴᠠᠯᠠᠨ᠎ᠠ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠰᠤᠯᠤᠮᠤᠨ ᠤᠯᠳᠤᠷᠢᠭ ᠨᠢ 21 ᠳ᠋ᠦ᠋ᠭᠡᠷ ᠵᠠᠭᠤᠨ ᠤ ᠳᠠᠯᠠᠢ ᠳᠡᠭᠡᠷᠡᠬᠢ ᠲᠤᠷᠭᠠᠨ ᠵᠠᠮ ᠤᠨ ᠡᠮᠦᠨᠡᠰᠢ ᠰᠤᠨᠤᠯᠵᠠᠭᠰᠠᠠ ᠤᠷᠤᠨ ᠪᠦᠰᠡ ᠳᠤ ᠪᠠᠶᠢᠷᠢᠯᠠᠵᠤ ᠪᠠᠶᠢᠭ᠎ᠠ ᠪᠤᠯᠬᠤᠷ᠂ ᠬᠤᠶᠠᠷ ᠤᠯᠤᠰ ᠢᠶᠠᠷ ᠢᠶᠠᠨ ︽ᠨᠢᠭᠡ ᠪᠦᠰᠡ ᠨᠢᠭᠡ ᠵᠠᠮ︾ ᠤᠨ ᠤᠶᠢᠢᠯᠠᠭᠠᠯᠴᠠᠭᠠᠨ ᠤ ᠰᠠᠨᠠᠮᠵᠢ ᠶᠢᠨ ᠪᠢᠴᠢᠭ ᠲᠤᠬᠢᠷᠠᠯᠴᠠᠬᠤ ᠪᠠᠷ ᠳᠤᠬᠢᠶᠠᠯ ᠪᠤᠯᠭᠠᠵᠤ᠂ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠭᠤᠯᠬᠤ ᠶᠢ ᠴᠢᠩᠭᠠᠳᠬᠠᠵᠤ᠂ ᠬᠠᠮᠳᠤᠷᠠᠯᠴᠠᠭ᠎ᠠ ᠪᠠᠨ ᠦᠷᠭᠡᠳᠭᠡᠵᠤ᠂ ᠰᠤᠯᠤᠮᠤᠨ ᠤ ᠲᠠᠯ᠎ᠠ ᠶᠢᠨ ᠠᠷᠠᠳ ᠤᠨ ᠠᠮᠢᠳᠤᠷᠠᠯ ᠤᠨ ᠲᠦᠪᠰᠢᠨ ᠪᠤᠯᠤᠨ ᠪᠡᠶ᠎ᠠ ᠪᠠᠨ ᠳᠠᠭᠠᠭᠠᠭᠰᠠᠨ ᠦᠷᠭᠦᠯᠵᠢᠯᠡᠬᠦ ᠬᠦᠭᠵᠢᠯᠳᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠶ᠎ᠠ᠃ ᠬᠠᠷᠢᠯᠴᠠᠭ᠎ᠠ ᠪᠠᠶᠢᠭᠤᠯᠤᠭᠰᠠᠨ ᠤ ᠳᠠᠷᠠᠭ᠎ᠠ᠂ ᠰᠤᠯᠤᠮᠤᠨ ᠤᠯᠳᠤᠷᠢᠭ ᠨᠢ ᠳᠤᠮᠳᠠᠳᠤ ᠤᠯᠤᠰ ᠤᠨ ᠠᠷᠠᠳ ᠢᠷᠭᠡᠨ ᠤ ᠤᠯᠤᠰ ᠤᠨ ᠭᠠᠳᠠᠭᠠᠳᠦ ᠳᠤ ᠭᠠᠷᠴᠤ ᠵᠢᠭᠤᠯᠴᠢᠯᠠᠬᠤ ᠬᠠᠷᠠᠯᠳᠠᠳᠦ ᠤᠯᠤᠰ ᠪᠤᠯᠪᠠ᠂ ᠡᠨᠡ ᠨᠢ ᠬᠤᠶᠠᠷ ᠤᠯᠤᠰ ᠤᠨ ᠠᠷᠠᠳ ᠤᠨ ᠶᠠᠪᠤᠯᠴᠠᠭ᠎ᠠ᠂ ᠤᠷᠤᠨ ᠨᠤᠲᠤᠭ ᠤᠨ ᠰᠤᠯᠢᠯᠴᠠᠭ᠎ᠠ ᠪᠤᠯᠤᠨ ᠵᠢᠭᠤᠯᠴᠢᠯᠠᠯ ᠤᠨ ᠬᠠᠮᠳᠤᠷᠠᠯᠴᠠᠭ᠎ᠠ ᠳᠤ ᠯᠤᠳᠤ ᠶᠡᠭᠡ ᠠᠵᠠ ᠳᠤᠬᠢᠶᠠᠯ ᠠᠪᠴᠢᠷᠠᠨ᠎ᠠ᠃ ᠰᠤᠯᠤᠮᠤᠨ ᠤ ᠬᠢᠨ ᠳᠤᠮᠳᠠᠳᠤ ᠤᠯᠤᠰ ᠪᠤᠯᠤᠨ ᠨᠤᠮᠤᠬᠠᠨ ᠳᠠᠯᠠᠢ ᠶᠢᠨ ᠤᠯᠤᠰ ᠤᠳ ᠤᠨ ᠬᠠᠮᠳᠤᠷᠠᠯᠴᠠᠭᠠᠨ ᠤ ᠶᠡᠭᠡ ᠭᠡᠷ ᠪᠦᠯᠢ ᠳᠤ ᠤᠷᠤᠵᠤ ᠢᠷᠡᠬᠦ ᠶᠢ ᠳᠤᠮᠳᠠᠳᠤ ᠶᠢᠨ ᠲᠠᠯ᠎ᠠ ᠪᠠᠶᠠᠷᠯᠠᠨ ᠤᠭᠳᠤᠵᠤ᠂ ᠳᠤᠷᠠᠳᠠᠶ᠎ᠠ ᠰᠤᠯᠤᠮᠤᠨ ᠤ ᠲᠠᠯ᠎ᠠ ᠯᠤᠭ᠎ᠠ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ᠂ ᠨᠤᠮᠤᠬᠠᠨ ᠳᠠᠯᠠᠢ ᠶᠢᠨ ᠤᠯᠤᠰ ᠤᠳ ᠤᠨ ᠶᠠᠷᠢᠶᠠᠨ ᠤ ᠲᠠᠪᠴᠠᠩ ᠵᠡᠷᠭᠡ ᠤᠯᠠᠨ ᠲᠠᠯᠠᠳᠤ ᠲᠤᠭᠳᠠᠴᠠ ᠳᠤᠳᠤᠷ᠎ᠠ ᠤᠯᠤᠯᠴᠠᠭ᠎ᠠ ᠪᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠳᠠ ᠵᠡᠷᠭᠡ ᠦᠷᠢᠰᠦᠯᠳᠦᠭᠡᠨ ᠢ ᠠᠷᠭᠠᠴᠠᠭᠠᠵᠤ᠂ ᠬᠦᠭᠵᠢᠵᠤ ᠪᠠᠶᠢᠭ᠎ᠠ ᠤᠯᠤᠰ ᠤᠳ ᠤᠨ ᠬᠠᠮᠳᠦ ᠶᠢᠨ ᠠᠰᠢᠭ ᠲᠤᠰᠠ ᠶᠢ ᠰᠠᠶᠢᠳᠤᠷ ᠬᠠᠮᠠᠭᠠᠯᠠᠨ᠎ᠠ ᠭᠡᠵᠤ ᠵᠢᠭᠠᠵᠤ ᠭᠠᠷᠭᠠᠵᠠᠢ᠃      ᠰᠦᠸᠧᠵᠢᠶᠠᠸᠠᠯᠸᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠤ᠂ ᠳᠤᠮᠳᠠᠳᠤ ᠤᠯᠤᠰ ᠤᠬᠤᠷᠬᠠᠨ ᠬᠤᠭᠤᠴᠠᠭᠠᠨ ᠳᠤ ᠯᠤᠳᠤ ᠶᠡᠭᠡ ᠬᠦᠭᠵᠢᠯᠳᠡ ᠶᠢᠨ ᠠᠮᠵᠢᠯᠳᠠ ᠤᠯᠤᠭᠰᠠᠨ ᠢ ᠰᠤᠯᠤᠮᠤᠨ ᠤ ᠲᠠᠯ᠎ᠠ ᠲᠦᠢᠯ ᠢᠶᠠᠷ ᠪᠢᠰᠢᠷᠡᠵᠤ ᠪᠠᠶᠢᠨ᠎ᠠ᠃ ᠰᠤᠯᠤᠮᠤᠨ ᠤ ᠲᠠᠯ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠮᠡᠳᠡᠷᠡᠵᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠲᠠᠢ ᠬᠠᠷᠢᠯᠴᠠᠭ᠎ᠠ ᠪᠠᠶᠢᠭᠤᠯᠵᠤ᠂ ᠲᠡᠤᠬᠡ ᠶᠢᠨ ᠵᠦᠪ ᠲᠠᠯ᠎ᠠ ᠪᠤᠯᠤᠨ ᠳᠡᠯᠡᠬᠡᠢ ᠶᠢᠨ ᠵᠤᠩᠭᠢᠯᠠᠬᠤ ᠲᠤᠭᠠᠨ ᠤ ᠤᠯᠤᠰ ᠤᠨ ᠲᠠᠯ᠎ᠠ ᠳᠤ ᠵᠤᠭᠰᠤᠬᠤ ᠪᠠᠷ ᠪᠤᠯᠪᠠ᠂ ᠡᠨᠡ ᠪᠤᠯ ᠰᠤᠯᠤᠮᠤᠨ ᠤ ᠲᠠᠯ᠎ᠠ ᠶᠢᠨ ᠲᠦᠪ ᠬᠢᠴᠢᠶᠡᠩᠭᠦᠢ ᠪᠦᠭᠡᠳ ᠡᠷᠡᠰ ᠴᠢᠩᠭ᠎ᠠ ᠤᠯᠤᠰ ᠲᠦᠷᠦ ᠶᠢᠨ ᠠᠮᠠᠯᠠᠯᠳᠠ ᠪᠤᠯᠤᠨ᠎ᠠ᠃ ᠰᠤᠯᠤᠮᠤᠨ ᠤ ᠲᠠᠯ᠎ᠠ ᠶᠢᠨ ᠬᠢᠨ ᠳᠤᠮᠳᠠᠳᠤ ᠤᠯᠤᠰ ᠤᠨ ᠠᠮᠵᠢᠯᠳᠠ ᠤᠯᠤᠭᠰᠠᠨ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠲᠤᠰ ᠪᠡᠶ᠎ᠠ ᠶᠢᠨ ᠬᠦᠭᠵᠢᠯᠳᠡ ᠪᠠᠨ ᠪᠡᠶᠡᠯᠡᠭᠦᠯᠬᠦ ᠶᠢ ᠬᠦᠰᠡᠵᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ ︾ ᠢ ᠬᠠᠮᠳᠦ ᠪᠠᠷ ᠪᠦᠲᠦᠭᠡᠨ ᠪᠠᠶᠢᠭᠤᠯᠬᠤ ᠠᠭᠤᠤ ᠶᠡᠭᠡ ᠰᠠᠨᠠᠭᠠᠴᠢᠯᠠᠭ᠎ᠠ ᠨᠢ ᠰᠤᠯᠤᠮᠤᠨ ᠤ ᠲᠠᠯ᠎ᠠ ᠳᠤ ᠯᠤᠳᠤ ᠶᠡᠭᠡ ᠠᠵᠠ ᠳᠤᠬᠢᠶᠠᠯ ᠠᠪᠴᠢᠷᠠᠪᠠ᠃ ᠰᠤᠯᠤᠮᠤᠨ ᠤ ᠲᠠᠯ᠎ᠠ ᠳᠤᠷᠠᠳᠠᠶ᠎ᠠ ᠳᠤᠮᠳᠠᠳᠤ ᠶᠢᠨ ᠲᠠᠯ᠎ᠠ ᠲᠠᠢ ᠠᠷᠠᠯᠵᠢᠶ᠎ᠠ᠂ ᠪᠡᠯᠡ ᠤᠷᠤᠭᠤᠯᠤᠯᠳᠠ᠂ ᠲᠠᠷᠢᠶᠠᠯᠠᠩ ᠵᠢᠭᠠᠰᠤᠨ ᠤ ᠦᠢᠯᠡᠰ᠂ ᠵᠢᠭᠤᠯᠴᠢᠯᠠᠯ ᠤᠨ ᠦᠢᠯᠡᠰ ᠵᠡᠷᠭᠡ ᠡᠯ᠎ᠠ ᠬᠦᠷᠢᠶᠡᠨ ᠤ ᠬᠠᠮᠳᠤᠷᠠᠯᠴᠠᠭ᠎ᠠ ᠶᠢ ᠢᠳᠡᠪᠬᠢᠳᠠᠢ ᠦᠷᠨᠢᠭᠦᠯᠵᠤ᠂ ᠰᠤᠯᠤᠮᠤᠨ ᠳᠤᠮᠳᠠᠳᠤ ᠶᠢᠨ ᠬᠠᠷᠢᠯᠴᠠᠭᠠᠨ ᠤ ᠰᠢᠨ᠎ᠠ ᠢᠷᠡᠭᠡᠳᠦᠢ ᠶᠢ ᠬᠠᠮᠳᠦ ᠪᠠᠷ ᠡᠭᠦᠳᠦᠨ᠎ᠠ᠃ ᠳᠤᠮᠳᠠᠳᠤ ᠶᠢᠨ ᠲᠠᠯ᠎ᠠ ᠨᠤᠮᠤᠬᠠᠨ ᠲᠠᠯᠠᠢ ᠶᠢᠨ ᠠᠷᠠᠯᠳᠤ ᠤᠯᠤᠰ ᠤᠳ ᠤᠨ ᠬᠦᠭᠵᠢᠯᠳᠡ ᠶᠢ ᠬᠠᠯᠠᠮᠵᠢᠯᠠᠨ ᠳᠡᠮᠵᠢᠵᠤ ᠪᠠᠶᠢᠬᠤ ᠶᠢ ᠰᠤᠯᠤᠮᠤᠨ ᠤ ᠲᠠᠯ᠎ᠠ ᠮᠠᠭᠳᠠᠨ ᠰᠠᠶᠢᠰᠢᠶᠠᠵᠤ ᠪᠠᠶᠢᠨ᠎ᠠ᠂ ᠡᠨᠡ ᠪᠤᠯ ᠡᠮᠦᠨᠡᠳᠡᠬᠢᠨ ᠨᠢ ᠡᠮᠦᠨᠡᠳᠡᠬᠢᠨ ᠲᠠᠢ ᠪᠠᠨ ᠬᠠᠮᠳᠤᠷᠠᠯᠴᠠᠬᠤ ᠶᠢᠨ ᠠᠮᠵᠢᠯᠳᠠ ᠲᠠᠢ ᠵᠢᠱᠢᠶ᠎ᠠ ᠪᠤᠯᠤᠨ᠎ᠠ ᠭᠡᠵᠤ ᠢᠯᠡᠳᠭᠡᠪᠡ᠃      ᠶᠠᠩ ᠵᠢᠶᠧ ‍ᠤᠤᠢ᠂ ᠸᠠᠩ ᠢ᠂ ᠾᠧ ᠯᠢ ᠹᠧᠩ ᠨᠠᠷ ᠠᠭᠤᠯᠵᠠᠯᠳᠠ ᠳᠤ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号